| ᠮᠣᠩᠭᠤᠯ ᠦᠨᠳᠦᠰᠦᠲᠡᠨ ᠤ ᠰᠣᠶᠣᠯ ᠳᠤ ᠴᠠᠭᠠᠨ ᠥᠩᠭᠡ ᠨᠢ ᠠᠷᠢᠭᠤᠨ ᠴᠡᠪᠡᠷ᠂ ᠥᠯᠵᠡᠶ ᠪᠡᠯᠭᠡ ᠲᠠᠢ᠂ | ᠰᠠᠶᠢᠨ ᠰᠠᠶᠢᠬᠠᠨ ᠢ ᠪᠡᠯᠭᠡᠳᠡᠵᠦ ᠪᠠᠶᠢᠳᠠᠭ᠃ ᠴᠠᠭᠠᠨ ᠢᠳᠡᠭᠡᠨ ᠬᠢᠬᠦ ᠤᠷ᠎ᠠ ᠮᠡᠷᠭᠡᠵᠢᠯ ᠨᠢ ᠥᠪᠡᠷᠲᠡᠭᠡᠨ ᠵᠠᠰᠠᠬᠤ | ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠪᠣᠯᠤᠭᠰᠠᠨ ᠤ ᠬᠤᠪᠢ ᠳᠤ᠂ | ᠮᠣᠩᠭᠤᠯ ᠦᠨᠳᠦᠰᠦᠲᠡᠨ ᠤ ᠠᠷᠠᠳ ᠲᠦᠮᠡᠨ ᠤ ᠬᠡᠳᠦᠨ ᠮᠢᠩᠭᠠᠨ ᠵᠢᠯ ᠤᠨ ᠲᠤᠷᠰᠢᠬᠢ ᠨᠡᠭᠦᠳᠡᠯ ᠮᠠᠯᠵᠢᠯ ᠤᠨ | ᠠᠮᠢᠳᠤᠷᠠᠯ ᠤᠨ ᠤᠶᠤᠨ ᠤᠬᠠᠭᠠᠨ ᠢ ᠠᠴᠢᠶᠠᠯᠠᠵᠤ ᠪᠤᠢ᠃ ᠰᠢᠨ᠎ᠡ ᠰᠣᠷᠭᠤᠭ ᠦᠨᠢᠶᠡᠨ ᠰᠦ ᠠᠴᠠ ᠬᠠᠳᠠᠭᠠᠭᠰᠠᠨ | ᠦᠷᠦᠮ᠎ᠡ᠂ ᠬᠤᠷᠤᠳ᠂ ᠰᠢᠷ᠎ᠠ ᠲᠣᠰᠣ ᠵᠡᠷᠭᠡ ᠳᠤ ᠬᠦᠷᠲᠡᠯ᠎ᠡ ᠨᠠᠷᠢᠨ ᠨᠢᠮᠪᠠᠶ ᠠᠵᠢᠯ ᠤᠨ ᠳᠠᠷᠠᠭᠠᠯᠠᠯ ᠲᠠᠢ ᠪᠠᠶᠢᠳᠠᠭ᠃ | | ᠰᠢᠨ᠎ᠡ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠣᠳᠣ ᠰᠤᠮᠤ ᠶᠢᠨ ᠮᠠᠯᠴᠢᠨ | ᠤᠷᠴᠢᠯᠠᠩ ᠤᠯᠠᠭᠠᠨ ᠳ᠋ᠧᠩᠯᠦ ᠪᠠᠨ ᠡᠯᠭᠦᠨ ᠬᠤᠣᠰ ᠤᠶᠠᠩᠭ᠎ᠠ ᠪᠠᠨ ᠨᠠᠭᠠᠵᠤ᠂ ᠭᠡᠷ ᠪᠦᠯᠢ ᠪᠠᠷ ᠢᠶᠠᠨ ᠬᠦᠷᠢᠶᠡᠯᠡᠨ | ᠰᠠᠭᠤᠵᠤ᠂ ᠴᠠᠭᠠᠨ ᠢᠳᠡᠭᠡᠨ ᠢᠶᠠᠨ ᠠᠮᠲᠠᠯᠠᠨ᠎ᠠ᠃ ᠬᠡᠦᠬᠡᠳ ᠤᠳ ᠳᠠᠭᠤᠯᠠᠨ ᠪᠥᠵᠢᠭᠯᠡᠵᠦ ᠰᠢᠨ᠎ᠡ ᠵᠢᠯ ᠢᠶᠠᠨ | ᠪᠠᠶᠠᠷᠯᠠᠨ ᠪᠡᠯᠭᠡᠯᠡᠨ᠎ᠡ᠃ ᠡᠨᠡ ᠨᠢ ᠲᠡᠳᠡᠨ ᠤ ᠬᠡᠷ ᠪᠦᠯᠢ ᠶᠢᠨ ᠬᠢᠨ ᠤ ᠤᠯᠠᠮᠵᠢᠯᠠᠯᠲᠤ ᠠᠮᠲᠠᠲᠤ ᠢᠳᠡᠭᠡᠨ ᠳᠤ | ᠬᠠᠨᠳᠤᠭᠤᠯᠤᠭᠰᠠᠨ ᠬᠠᠯᠠᠭᠤᠨ ᠬᠠᠶᠢᠷ᠎ᠠ ᠪᠣᠯᠬᠤ ᠪᠠᠷ ᠪᠠᠷᠠᠬᠤ ᠥᠬᠡᠶ᠂ ᠨᠠᠩ ᠴᠤ ᠡᠪᠦᠭᠡ ᠳᠡᠭᠡᠳᠦᠰ ᠤᠨ ᠢᠶᠠᠨ | ᠠᠮᠢᠳᠤᠷᠠᠯ ᠤᠨ ᠠᠷᠭ᠎ᠠ ᠮᠠᠶ᠋ᠢᠭ ᠲᠤ ᠬᠠᠨᠳᠤᠭᠤᠯᠤᠭᠰᠠᠨ ᠬᠦᠨᠳᠦᠳᠬᠡᠯ ᠪᠠ ᠤᠯᠠᠮᠵᠢᠯᠠᠯ ᠪᠣᠯᠬᠤ ᠶᠤᠮ᠃ | ᠡᠨᠡᠬᠦ ᠰᠢᠨ᠎ᠡ ᠵᠢᠯ ᠳᠤ᠂ ᠪᠢᠳᠡ ᠴᠠᠭᠠᠨ ᠢᠳᠡᠭᠡᠨ ᠢᠶᠠᠨ ᠠᠮᠲᠠᠯᠠᠵᠤ᠂ ᠪᠣᠳᠠᠰ ᠤᠨ ᠪᠤᠰᠤ ᠰᠣᠶᠣᠯ ᠤᠨ | ᠥᠪ ᠤᠨ ᠷᠢᠳᠢ ᠰᠢᠳᠢ ᠶᠢ ᠮᠡᠳᠡᠷᠡᠵᠦ᠂ ᠡᠨᠡᠬᠦ ᠡᠷᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠲᠡᠭᠦᠨ ᠤ ᠭᠡᠷᠡᠯ | ᠭᠢᠯᠪᠠᠭ᠎ᠠ ᠶᠢ ᠨᠡᠩ ᠰᠠᠶᠢᠳᠤᠷ ᠰᠠᠴᠤᠷᠠᠭᠤᠯᠤᠶ᠎ᠠ᠃ ᠲᠠ ᠪᠦᠬᠦᠨ ᠤ ᠰᠢᠨ᠎ᠡ ᠨᠢᠭᠡᠨ ᠵᠢᠯ ᠳᠤ ᠴᠠᠭᠠᠨ ᠢᠳᠡᠭᠡᠨ ᠮᠡᠲᠦ | ᠵᠣᠯ ᠵᠢᠷᠭᠠᠯᠲᠠᠶ ᠠᠮᠢᠳᠤᠷᠠᠵᠤ᠂ ᠲᠠᠯ᠎ᠠ ᠨᠤᠲᠤᠭ ᠤᠨ ᠠᠵᠢᠨᠠᠶ ᠬᠦᠯᠦᠭ ᠮᠡᠲᠦ ᠴᠢᠭᠢᠷᠠᠭ ᠪᠡᠶ᠎ᠡ ᠲᠠᠢ᠂ ᠬᠡᠷ | ᠬᠤᠲᠠᠯᠠᠭᠠᠷ ᠢᠶᠠᠷ ᠢᠶᠠᠨ ᠵᠣᠯ ᠵᠢᠷᠭᠠᠯ ᠲᠠᠢ᠂ ᠲᠦᠮᠡᠨ ᠬᠡᠷᠡᠭ ᠲᠡᠭᠦᠰ ᠲᠦᠭᠦᠷᠡᠩ ᠪᠤᠯᠬᠤ ᠶᠢ ᠬᠦᠰᠡᠨ ᠵᠦᠩᠨᠡᠶ᠎ᠡ︕ |