| ᠪᠠᠶᠠᠷᠳᠤ ᠴᠠᠭᠠᠨ ᠰᠠᠷ᠎ᠠ ᠶᠢᠨ ᠬᠤᠭᠤᠴᠠᠭᠠᠨ ᠳᠤ᠂ ᠰᠤᠷᠪᠤᠯᠵᠢᠯᠠᠬᠴᠢ ᠬᠤᠷᠴᠢᠨ ᠪᠠᠷᠠᠭᠤᠨ ᠭᠠᠷᠦᠨ ᠡᠮᠦᠨᠡᠳᠤ | ᠬᠤᠰᠢᠭᠤᠨ ᠤ ᠬᠤᠷᠴᠢᠨ ᠴᠡᠴᠡᠷᠯᠢᠭ ᠤᠨ ᠮᠦᠰᠦ ᠴᠠᠰᠦᠨ ᠤ ᠴᠡᠩᠬᠡᠯ ᠤᠨ ᠭᠠᠵᠠᠷ ᠲᠤ ᠬᠦᠷᠬᠦ ᠳᠤ᠂ ᠴᠡᠴᠡᠷᠯᠢᠭ ᠲᠤ | ᠤᠯᠠᠨ ᠬᠦᠮᠦᠨ ᠴᠤᠬᠯᠠᠷᠠᠵᠦ᠂ ᠮᠦᠰᠦᠨ ᠴᠠᠰᠦᠨ ᠳᠤ ᠭᠤᠯᠭᠤᠵᠦ ᠪᠠᠶᠢᠯ᠎ᠠ᠃ | ᠡᠮᠦᠨᠡᠳᠤ ᠬᠤᠰᠢᠭᠤᠨ ᠤ ᠪᠢ ᠬᠦᠢ ᠶᠤᠸᠠᠨ ᠪᠠᠭ᠎ᠠ ᠲᠤᠭᠤᠷᠢᠭ ᠤᠨ ᠰᠠᠭᠤᠭᠠᠯᠢ ᠠᠷᠠᠳ ᠰᠤ᠋ ᠶᠦᠩ ᠡᠾᠦ᠋ᠢ᠄ | ︽ᠤᠤᠯ ᠳᠠᠭᠠᠨ ᠴᠠᠭᠠᠨ ᠰᠠᠷ᠎ᠠ ᠪᠤᠯᠪᠠᠯ ᠪᠢᠳᠡ ᠪᠦᠷ ᠲᠦᠷᠦᠯ ᠰᠠᠳᠦᠨ ᠤ ᠬᠡᠷ ᠢᠶᠠᠷ ᠲᠤᠭᠤᠷᠢᠵᠦ ᠶᠠᠪᠤᠳᠠᠭ᠂ ᠤᠳᠤ | ᠬᠡᠷ ᠤᠨ ᠡᠬᠦᠳᠡᠨ ᠡᠮᠦᠨ᠎ᠡ ᠮᠦᠰᠦ ᠴᠠᠰᠦᠨ ᠤ ᠴᠡᠩᠬᠡᠯ ᠤᠨ ᠭᠠᠵᠠᠷ ᠪᠠ ᠳ᠋ᠧᠩ ᠤᠨ ᠦᠵᠡᠬᠦᠯᠬᠡ ᠲᠠᠢ ᠪᠤᠯᠵᠦ | ᠲᠦᠢᠯ ᠤᠨ ᠰᠠᠶᠢᠨ ᠪᠤᠯᠵᠠᠢ︾ ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃ | ᠤᠶᠢᠷ᠎ᠠ ᠶᠢᠨ ᠵᠢᠯ ᠳᠤ᠂ ᠡᠮᠦᠨᠡᠳᠤ ᠬᠤᠰᠢᠭᠤᠨ ᠤ ᠴᠠᠰᠦᠳᠤ ᠲᠤᠰᠬᠤᠨ ᠤ ᠴᠠᠰᠦᠨ ᠲᠠᠯᠠᠪᠠᠢ᠂ ᠮᠦᠰᠦ | ᠴᠠᠰᠦᠨ ᠤ ᠴᠡᠩᠬᠡᠯ ᠤᠨ ᠭᠠᠵᠠᠷ᠂ ᠰᠢᠨ᠎ᠠ ᠵᠢᠯ ᠢᠶᠠᠨ ᠤᠬᠳᠤᠬᠤ ᠳ᠋ᠧᠩ ᠤᠨ ᠦᠵᠡᠬᠦᠯᠬᠡ ᠵᠡᠷᠭᠡ ᠨᠢ ᠬᠦᠮᠦᠰ ᠤᠨ | ᠠᠩᠬᠠᠷᠦᠯ ᠢ ᠲᠠᠳᠠᠵᠦ ᠪᠠᠶᠢᠨ᠎ᠠ᠃ | ᠪᠡᠬᠡᠵᠢᠩ ᠬᠤᠳᠠ ᠠᠴᠠ ᠢᠷᠡᠭᠰᠡᠨ ᠸᠧᠢ ᠯᠢᠶᠠᠩ ᠶᠠᠭ ᠰᠠᠶ᠋ᠢᠬᠠᠨ ᠮᠦᠰᠦᠨ ᠲᠡᠭᠡᠷᠡᠬᠢ ᠲᠤᠭᠤᠢ ᠲᠡᠷᠬᠡ | ᠤᠨᠤᠵᠦ ᠪᠠᠶᠢᠭ᠎ᠠ ᠬᠡᠤᠬᠡᠳ ᠲᠡᠭᠡᠨ ᠰᠡᠬᠦᠳᠡᠷ ᠲᠠᠳᠠᠵᠦ ᠦᠭᠴᠦ ᠪᠠᠶᠢᠯ᠎ᠠ᠃ ᠲᠡᠷᠡ᠄ ︽ᠪᠡᠬᠡᠵᠢᠩ ᠬᠤᠳᠠᠨ ᠳᠤ | ᠤᠯᠠᠨ ᠵᠢᠯ ᠡᠶᠢᠮᠦ ᠶᠡᠭᠡ ᠴᠠᠰᠦ ᠤᠷᠤᠬᠰᠠᠨ ᠦᠬᠡᠢ᠃ ᠡ᠊ᠨᠳᠡᠬᠢ ᠵᠢᠭᠤᠯᠴᠢᠯᠠᠨ ᠨᠠᠭᠠᠳᠬᠤ ᠲᠦᠷᠦᠯ ᠵᠦᠢᠯ ᠤᠯᠠᠨ | ᠪᠤᠯᠬᠤᠷ ᠬᠡᠤᠬᠡᠳ ᠤᠳ ᠤᠨᠴᠠᠭᠠᠢ ᠪᠠᠶᠠᠷ ᠬᠦᠷ ᠲᠠᠢ ᠨᠠᠭᠠᠳᠴᠦ ᠪᠤᠢ᠃ ᠪᠠᠰᠠ ᠡᠪᠦᠯ ᠤᠨ ᠤᠯᠠᠷᠢᠯ ᠭᠠᠳᠠᠨ᠎ᠠ | ᠢᠯᠡᠬᠦᠦ ᠬᠦᠳᠡᠯᠬᠡᠬᠡᠨ ᠬᠢᠪᠡᠯ ᠪᠡᠶ᠎ᠡ ᠮᠠᠬᠠᠪᠦᠳ ᠲᠤ ᠲᠤᠩ ᠰᠠᠶᠢᠨ︾ ᠬᠡᠵᠦ ᠬᠡᠯᠡᠪᠡ᠃ | 2025 ᠤᠨ ᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ | ᠲᠠᠮᠢᠷ ᠤᠨ ᠴᠤᠬᠯᠠᠭᠠᠨ ᠤ ᠬᠦᠷᠴᠦ ᠢᠷᠡᠬᠦ ᠲᠠᠰᠢᠷᠠᠮ ᠢᠶᠠᠷ᠂ ︽3 ᠳ᠋ᠦᠡᠭᠰᠢᠭᠤᠷ ᠬᠦᠮᠦᠨ ᠢ ᠲᠠᠶᠢᠴᠢᠯᠠᠨ ᠮᠦᠰᠦ | ᠴᠠᠰᠦᠨ ᠤ ᠬᠦᠳᠡᠯᠬᠡᠬᠡᠨ ᠳᠤ ᠤᠷᠤᠯᠴᠠᠭᠤᠯᠬᠤ︾ ᠬᠠᠷᠠᠯᠳᠠ ᠶᠢ ᠦᠷᠬᠦᠯᠵᠢᠯᠡᠨ ᠠᠬᠢᠭᠤᠯᠬᠤ ᠪᠠᠷ᠂ ᠡᠮᠦᠨᠡᠳᠤ | ᠬᠤᠰᠢᠭᠤ ︽1+3+N︾ ᠡᠪᠦᠯ ᠤᠨ ᠤᠯᠠᠷᠢᠯ ᠤᠨ ᠮᠦᠰᠦ ᠴᠠᠰᠦᠨ ᠤ ᠵᠢᠭᠤᠯᠴᠢᠯᠠᠯ ᠤᠨ ᠰᠢᠨ᠎ᠠ ᠵᠠᠬᠪᠦᠷ ᠢ | ᠨᠠᠷᠢᠯᠢᠭ ᠲᠦᠯᠦᠪᠵᠢᠬᠦᠯᠵᠦ᠂ ᠴᠠᠰᠦᠳᠤ ᠲᠤᠰᠬᠤᠨ ᠤ ᠴᠠᠰᠦᠨ ᠳᠤ ᠭᠤᠯᠭᠤᠬᠤ ᠤᠷᠤᠯᠳᠤᠭᠠᠨ᠂ ᠵᠢᠯ ᠤᠨ ᠭᠠᠭ᠋ᠠᠢ | ᠨᠢᠳᠦᠯᠵᠦ ᠴᠠᠭᠠᠨ ᠰᠠᠷ᠎ᠠ ᠪᠠᠨ ᠦᠡᠭᠭᠡᠷᠡᠬᠦᠯᠬᠦ᠂ ᠴᠠᠷᠠᠰᠦᠨ ᠨᠠᠭᠤᠷ ᠤᠨ ᠡᠪᠦᠯ ᠤᠨ ᠠᠩᠨᠠᠯ ᠤᠨ ᠠᠵᠢᠯᠯᠠᠭ᠎ᠠ᠂ ︽ | ᠵᠠᠰᠠᠬᠳᠤ ᠶᠢᠨ ᠵᠦᠡᠭᠨᠡᠯ︾ 2025 ᠤᠨ ᠤ ᠴᠠᠭᠠᠨ ᠰᠠᠷ᠎ᠠ ᠶᠢᠨ ᠦᠳᠡᠰᠢᠯᠡᠭᠡ᠂ ᠡᠪᠦᠯ ᠤᠨ ᠤᠯᠠᠷᠢᠯ ᠵᠢᠭᠠᠰᠦ | ᠬᠦᠬᠢᠳᠡᠬᠦ ᠤᠷᠤᠯᠳᠤᠭᠠᠨ ᠵᠡᠷᠬᠡ ᠰᠢᠷᠢᠰ ᠠᠵᠢᠯᠯᠠᠭ᠎ᠠ ᠶᠢ ᠵᠠᠯᠭᠠᠪᠡᠷ ᠦᠷᠨᠢᠬᠦᠯᠵᠦ᠂ ᠬᠤᠯᠠ ᠤᠶᠢᠷ᠎ᠠ ᠶᠢᠨ | ᠵᠢᠭᠤᠯᠴᠢᠯᠠᠬᠴᠢᠳ ᠤᠨ ᠬᠠᠯᠠᠭᠤᠨ ᠬᠦᠷᠢᠶᠡᠯᠡᠯ ᠢ ᠤᠯᠵᠦ ᠪᠤᠢ᠃ | ︵ᠢᠤᠢ ᠵᠢᠶᠠᠨ ᠮᠧᠩ︶ |