| 2 ᠰᠠᠷ᠎ᠠ ᠶᠢᠨ 3 ᠤ ᠡᠳᠦᠷ᠂ ᠴᠠᠭᠠᠨ ᠰᠠᠷ᠎ᠠ ᠶᠢᠨ ᠰᠢᠨ᠎ᠡ ᠶᠢᠨ ᠵᠢᠷᠭᠤᠭᠠᠨ ᠳᠤ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠠᠩᠬᠠᠳᠠᠭᠴᠢ ᠰᠦᠢᠳᠭᠡᠯ ᠬᠤᠷᠢᠶᠠᠬᠤ ᠥᠬᠡᠶ ᠪᠠᠷ ᠠᠵᠢᠯ ᠤᠨ ᠪᠠᠶᠢᠷᠢ ᠳᠠᠭᠠᠨ ᠪᠤᠴᠠᠬᠤ | ᠲᠤᠰᠬᠠᠶ ᠲᠡᠷᠭᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠴᠠ ᠪᠡᠭᠡᠵᠢᠩ ᠵᠦᠭ ᠮᠤᠷᠳᠠᠪᠠ᠃ ᠲᠤᠬᠠᠶ ᠶᠢᠨ | ᠡᠳᠦᠷ᠂ 20 ᠭᠠᠷᠤᠶ ᠭᠠᠳᠠᠭᠰᠢ ᠭᠠᠷᠴᠤ ᠬᠥᠯᠥᠰᠥᠨ ᠠᠵᠢᠯ ᠬᠢᠭᠰᠡᠳ ᠬᠤᠰᠢᠭᠤᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠠᠵᠢᠯᠲᠠᠨ ᠤ ᠬᠠᠪᠰᠤᠷᠤᠯᠭ᠎ᠠ ᠳᠣᠤᠷ᠎ᠠ ᠡᠮᠬᠢ | ᠵᠢᠷᠤᠮ ᠲᠠᠢ ᠪᠠᠷ ᠳᠡᠩᠰᠡᠯᠡᠵᠦ ᠲᠡᠷᠭᠡᠨ ᠳᠤ ᠭᠠᠷᠪᠠ᠃ ᠲᠡᠷᠭᠡᠨ ᠳᠤ ᠰᠠᠭᠤᠵᠤ ᠪᠠᠶᠢᠭ᠎ᠠ ᠬᠥᠯᠥᠰᠥᠨ ᠠᠵᠢᠯ ᠬᠢᠭᠰᠡᠳ | ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠠᠴᠠ ᠢᠷᠡᠵᠦ᠂ ᠰᠦᠢᠳᠭᠡᠯ ᠥᠯᠥ ᠬᠤᠷᠢᠶᠠᠬᠤ ᠠᠭᠠᠷ | ᠲᠣᠬᠢᠷᠠᠭᠤᠯᠤᠭᠴᠢ ᠲᠠᠢ ᠲᠣᠮᠣ ᠰᠠᠭᠤᠳᠠᠯ ᠤᠨ ᠮᠠᠰᠢᠨ ᠲᠡᠷᠭᠡᠨ ᠳᠤ ᠭᠠᠷᠴᠤ᠂ ᠰᠢᠨ᠎ᠡ ᠨᠢᠭᠡ ᠵᠢᠯ ᠤᠨ ᠠᠵᠢᠯ ᠢᠶᠠᠨ | ᠡᠬᠢᠯᠡᠬᠦᠯᠬᠦ ᠪᠠᠷ ᠮᠤᠷᠳᠠᠯ᠎ᠠ᠃ | ᠥᠩᠭᠡᠷᠡᠭᠰᠡᠨ ᠵᠢᠯ ᠤᠳ ᠲᠤ ᠴᠠᠭᠠᠨ ᠰᠠᠷ᠎ᠠ ᠠᠴᠠ ᠰᠡᠭᠦᠯᠡᠷ ᠬᠥᠯᠥᠰᠥᠨ ᠠᠵᠢᠯᠴᠢᠳ ᠳᠡᠷᠭᠡᠨ ᠪᠢᠯᠧᠲ | ᠤᠯᠬᠤ ᠳᠤ ᠬᠦᠴᠢᠷ᠂ ᠭᠠᠳᠠᠭᠰᠢ ᠭᠠᠷᠬᠤ ᠳᠤ ᠬᠦᠴᠢᠷ ᠪᠠᠶᠢᠭᠰᠠᠨ ᠪᠤᠳᠠᠳᠤ ᠪᠠᠶᠢᠳᠠᠯ ᠳᠤ ᠴᠢᠭᠯᠡᠭᠦᠯᠦᠨ ᠦᠨᠦ ᠵᠢᠯ | ᠬᠤᠰᠢᠭᠤᠨ ᠤ ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠵᠤ᠂ ᠠᠵᠢᠯ ᠤᠨ ᠪᠠᠶᠢᠷᠢ ᠳᠠᠭᠠᠨ ᠪᠤᠴᠠᠬᠤ | ᠬᠦᠯᠦᠰᠦᠨ ᠠᠵᠢᠯᠴᠢᠳ ᠲᠤ ᠲᠦᠭᠦᠮ ᠦᠵᠡᠬᠦᠯᠵᠡᠢ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠪᠤᠷᠭᠠᠰᠤᠳᠠᠢ ᠰᠢᠶᠠᠩ ᠤᠨ ᠯᠢ ᠴᠧᠩ ᠭᠸᠦ ᠲᠣᠰᠬᠤᠨ ᠤ ᠬᠥᠯᠥᠰᠥᠨ ᠠᠵᠢᠯ ᠬᠢᠳᠡᠭ ᠲᠠᠨ ᠶᠢᠨ ᠹᠠ᠄ ︽ᠣᠲᠣ | ᠲᠥᠷᠥ ᠶᠢᠨ ᠪᠣᠳᠣᠯᠭ᠎ᠠ ᠶᠠᠪᠤᠬᠤ ᠲᠤᠲᠤᠮ ᠰᠠᠶᠢᠵᠢᠷᠠᠵᠤ ᠪᠠᠶᠢᠨ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠨᠡᠶᠢᠲᠡᠯᠡᠭᠰᠡᠨ ᠠᠵᠢᠯ ᠤᠨ ᠪᠠᠶᠢᠷᠢ ᠳᠠᠭᠠᠨ ᠪᠤᠴᠠᠬᠤ ᠳᠤ | ᠲᠤᠰᠠᠯᠠᠬᠤ ᠮᠡᠳᠡᠭᠡ ᠵᠠᠩᠭᠢ ᠶᠢ ᠦᠵᠡᠭᠡᠳ ᠪᠢ ᠲᠡᠷᠡ ᠳᠠᠷᠤᠶ ᠳᠤᠨᠢ ᠨᠡᠷ᠎ᠡ ᠪᠠᠨ ᠮᠡᠳᠡᠭᠦᠯᠵᠡᠢ᠂ ᠨᠠᠮ ᠪᠠ ᠵᠠᠰᠠᠭ ᠤᠨ | ᠣᠷᠳᠣᠨ ᠤ ᠬᠠᠶᠢᠷ᠎ᠠ ᠬᠠᠯᠠᠮᠵᠢ ᠳᠤ ᠲᠠᠯᠠᠷᠬᠠᠵᠤ ᠪᠠᠶᠢᠨ᠎ᠠ︾ ᠭᠡᠵᠡᠶ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠦᠢᠳᠭᠡᠯ ᠬᠤᠷᠢᠶᠠᠬᠤ ᠥᠬᠡᠶ ᠰᠢᠭᠤᠳ ᠨᠡᠪᠲᠡᠷᠡᠬᠦ | ᠲᠡᠷᠭᠡ ᠪᠠᠷ ᠠᠵᠢᠯ ᠤᠨ ᠪᠠᠶᠢᠷᠢ ᠳᠠᠭᠠᠨ ᠪᠤᠴᠠᠬᠤ ᠶᠢ ᠲᠤᠰᠠᠯᠠᠬᠤ ᠠᠵᠢᠯᠯᠠᠭ᠎ᠠ ᠨᠢ ᠬᠥᠯᠥᠰᠥᠨ ᠠᠵᠢᠯᠴᠢᠨ ᠤ ᠠᠵᠤ | ᠠᠬᠤᠶ ᠶᠢᠨ ᠳᠠᠷᠤᠭᠠᠰᠤ ᠶᠢ ᠬᠥᠩᠭᠡᠯᠡᠭᠰᠡᠨ ᠢᠶᠠᠷ ᠪᠠᠷᠠᠬᠤ ᠥᠬᠡᠶ᠂ ᠲᠡᠳᠡᠨ ᠳᠤ ᠨᠠᠩ ᠴᠤ ᠨᠤᠲᠤᠭ ᠤᠰᠤᠨ ᠤ ᠪᠠᠨ | ᠬᠠᠯᠠᠭᠤᠨ ᠳᠤᠯᠠᠭᠠᠨ ᠪᠠ ᠬᠠᠶᠢᠷ᠎ᠠ ᠬᠠᠯᠠᠮᠵᠢ ᠶᠢ ᠬᠦᠷᠲᠡᠭᠡᠭᠰᠡᠨ ᠪᠠᠶᠢᠨ᠎ᠠ᠃ ᠬᠤᠰᠢᠭᠤᠨ ᠤ ᠬᠥᠮᠦᠨ ᠤ ᠬᠦᠴᠦᠨ ᠤ | ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠬᠤᠸᠠᠩ ᠭᠠᠩ᠂ ᠴᠡᠭ ᠠᠴᠠ | ᠴᠡᠭ ᠲᠤ ᠬᠦᠷᠬᠦ ᠠᠵᠢᠯ ᠤᠨ ᠪᠠᠶᠢᠷᠢ ᠳᠠᠭᠠᠨ ᠪᠤᠴᠠᠬᠤ ᠰᠢᠭᠤᠳ ᠨᠡᠪᠲᠡᠷᠡᠬᠦ ᠲᠡᠷᠭᠡ᠂ ᠴᠠᠭᠠᠨ ᠰᠠᠷ᠎ᠠ ᠶᠢᠨ ᠠᠷᠪᠠᠨ | ᠵᠢᠷᠭᠤᠭᠠᠨ ᠳᠤ ᠪᠠᠰᠠ ᠨᠢᠭᠡ ᠤᠳᠠᠭ᠎ᠠ ᠨᠡᠪᠲᠡᠷᠡᠵᠦ᠂ ᠭᠠᠳᠠᠭᠰᠢ ᠭᠠᠷᠴᠤ ᠠᠵᠢᠯ ᠬᠥᠳᠡᠯᠮᠦᠷᠢ ᠬᠢᠵᠦ ᠪᠠᠶᠢᠭ᠎ᠠ | ᠬᠥᠮᠦᠰ ᠤᠨ ᠠᠵᠢᠯ ᠤᠨ ᠪᠠᠶᠢᠷᠢ ᠳᠠᠭᠠᠨ ᠪᠤᠴᠠᠵᠤ ᠠᠵᠢᠯ ᠢᠶᠠᠨ ᠰᠡᠷᠭᠦᠭᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ | ᠭᠡᠵᠡᠶ᠃ | ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠠᠵᠢᠯ ᠣᠯᠭᠤᠯᠲᠠ ᠪᠠᠷ | ᠬᠠᠪᠰᠤᠷᠤᠨ ᠲᠡᠳᠬᠦᠬᠦ ᠶᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠳᠤᠪᠤᠶᠢᠮ᠎ᠠ ᠪᠠᠶᠢᠷᠢᠨ ᠳᠤ | ᠲᠠᠯᠪᠢᠬᠤ ᠶᠢ ᠪᠠᠷᠢᠮᠲᠠᠯᠠᠵᠤ᠂ ᠠᠵᠢᠯ ᠤᠨ ᠪᠠᠶᠢᠷᠢ ᠳᠤ ᠬᠦᠷᠭᠡᠬᠦ᠂ ᠴᠡᠭ ᠠᠴᠠ ᠴᠡᠭ ᠲᠤ ᠬᠦᠷᠭᠡᠬᠦ᠂ ᠠᠵᠢᠯ | ᠣᠯᠭᠤᠯᠲᠠ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ | ᠂ ᠲᠤᠬᠠᠢ ᠶᠢᠨ ᠭᠠᠵᠠᠷ ᠤᠨ ᠤᠯᠠᠨ ᠲᠦᠮᠡᠨ ᠤ ᠠᠵᠢᠯ ᠣᠯᠭᠤᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ | ᠪᠠᠶᠢᠨ᠎ᠠ᠃ 2024 ᠣᠨ ᠳᠤ 1.5 ᠲᠦᠮᠡ ᠭᠠᠷᠤᠢ ᠡᠳᠦᠷ ᠤᠨ ᠬᠦᠴᠦᠨ ᠤ ᠮᠡᠳᠡᠭᠡ ᠵᠠᠩᠭᠢ ᠶᠢ ᠨᠡᠶᠢᠲᠡᠯᠡᠵᠦ᠂ | 3500 ᠭᠠᠷᠤᠢ ᠠᠵᠢᠯᠴᠢᠨ ᠬᠡᠷᠡᠭᠯᠡᠬᠦ ᠬᠥᠮᠦᠨ ᠤ ᠲᠤᠭ᠎ᠠ ᠶᠢ ᠲᠤᠬᠢᠷᠠᠯᠴᠠᠵᠤ᠂ ᠠᠵᠢᠯ ᠣᠯᠭᠤᠯᠲᠠ ᠶᠢᠨ | ᠦᠢᠯᠡᠴᠢᠯᠡᠭᠡᠨ ᠤ ᠦᠷᠳᠡᠭᠡ ᠶᠢ 20 ᠪᠠᠶᠢᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢᠶᠠᠷ | ᠲᠠᠮᠵᠢᠨ 700 ᠭᠠᠷᠤᠢ ᠬᠥᠮᠦᠨ ᠳᠤ ᠠᠵᠢᠯ ᠣᠯᠭᠤᠵᠡᠢ᠃ |