ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/3/11
    3 ᠰᠠᠷ᠎ᠠ ᠶᠢᠨ 10 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠵᠤ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠦ ᠲᠤᠤ᠂ ᠬᠤᠰᠢᠭᠤᠨ ᠤ ᠤᠳᠤᠷᠢᠳᠤᠯᠭ᠎ᠠ ᠶᠤᠸᠠᠢ ᠰᠥᠩ ᠱᠠᠨ᠂ ᠨᠢᠤ ᠶᠤᠸᠠᠨ᠂ ᠯᠢᠦ ᠢᠦᠶ ᠪᠥᠸᠧ᠂ ᠮᠠ ᠨᠢᠩ᠂ ᠸᠠᠩ ᡁᠢ ᠪᠢᠶᠤᠤ᠂ ᠵᠢᠶᠠᠩ ᠪᠸᠢ ᠫᠢᠩ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤ ︵ᠲᠥᠪ︶ ᠶᠢᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃    ᠰᠦᠨ ᠱᠦ ᠲᠤᠤ᠂ ᠲᠤᠰ ᠤᠳᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠪᠤᠯ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠷᠠᠯᠳᠤᠭᠤᠯᠬᠤ ᠪᠠᠷ ᠲᠣᠭᠲᠠᠭᠰᠠᠨ ᠨᠢᠭᠡ ᠤᠳᠠᠭᠠᠨ ᠤ ᠲᠦᠢᠯ ᠤᠨ ᠴᠢᠬᠤᠯᠠ ᠬᠤᠷᠠᠯ ᠪᠣᠯᠤᠨ᠎ᠠ᠂ ᠡᠭᠦᠨ ᠤ ᠭᠤᠣᠯ ᠵᠣᠷᠢᠯᠭ᠎ᠠ ᠪᠣᠯ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠪᠠᠶᠢᠳᠠᠯ ᠢ ᠵᠠᠳᠠᠯᠤᠨ᠂ 2025 ᠣᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠤᠯᠠᠨ ᠢ ᠲᠠᠶᠢᠴᠢᠯᠠᠨ ᠲᠦᠷᠭᠡᠨ ᠬᠥᠳᠡᠯᠦᠯᠴᠡᠵᠦ᠂ ᠮᠠᠯᠵᠢᠬᠤ ᠲᠠᠷᠢᠶᠠᠯᠠᠬᠤ ᠣᠷᠣᠨ ᠤ ᠡᠯ᠎ᠡ ᠵᠦᠢᠯ ᠤᠨ ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠶᠠᠪᠤᠳᠠᠯ ᠪᠣᠯᠤᠨ᠎ᠠ ᠭᠡᠵᠦ ᠵᠢᠭᠠᠵᠤ ᠭᠠᠷᠭᠠᠪᠠ᠃    ᠰᠦᠨ ᠱᠦ ᠲᠤᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠢ ᠲᠣᠳᠣᠷᠬᠠᠶ ᠲᠠᠨᠢᠵᠤ᠂ ᠲᠠᠨᠢᠯᠲᠠ ᠪᠠᠨ ᠳᠡᠭᠡᠭᠰᠢᠯᠡᠭᠦᠯᠦᠨ᠂ ᠺᠠᠳ᠋ᠷᠴᠤᠳ ᠤᠨ ᠬᠦᠳᠡᠭᠡ ᠠᠵᠤ ᠠᠬᠤᠢ ᠬᠦᠳᠡᠭᠡ ᠲᠤᠰᠬᠤᠨ ᠮᠠᠯᠴᠢᠨ ᠲᠠᠷᠢᠶᠠᠴᠢᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠬᠥᠭᠵᠢᠯᠲᠡ ᠪᠠᠨ ᠲᠦᠷᠭᠡᠳᠬᠡᠬᠦ ᠲᠤᠯᠭᠠᠮ᠎ᠠ ᠰᠡᠳᠬᠢᠯᠭᠡ ᠶᠢ ᠦᠨᠡᠨ ᠬᠦ ᠴᠢᠩᠭᠠᠳᠬᠠᠬᠤ ᠬᠡᠷᠡᠭᠲᠡᠶ᠃ ᠰᠡᠳᠬᠢᠴᠡ ᠪᠠᠨ ᠲᠡᠭᠦᠯᠳᠡᠷᠵᠢᠭᠦᠯᠵᠦ᠂ ᠡᠭᠦᠷᠭᠡ ᠪᠠᠨ ᠲᠣᠳᠣᠷᠬᠠᠶᠢᠯᠠᠨ᠂ ᠬᠦᠳᠡᠭᠡ ᠠᠵᠤ ᠠᠬᠤᠢ ᠬᠦᠳᠡᠭᠡ ᠲᠤᠰᠬᠤᠨ ᠮᠠᠯᠴᠢᠨ ᠲᠠᠷᠢᠶᠠᠴᠢᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠮᠠᠯᠴᠢᠨ ᠲᠠᠷᠢᠶᠠᠴᠢᠨ ᠢ ᠬᠦᠷᠲᠡᠮᠵᠢ ᠶᠢᠨ ᠲᠥᠷᠥᠭᠳᠡᠯ ᠲᠠᠢ᠂ ᠵᠣᠯ ᠵᠢᠷᠭᠠᠯᠲᠤ ᠲᠥᠷᠥᠭᠳᠡᠯ ᠲᠠᠢ ᠪᠣᠯᠭᠠᠬᠤ ᠬᠡᠷᠡᠭᠲᠡᠶ᠃ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠬᠦᠳᠡᠭᠡ ᠠᠵᠤ ᠠᠬᠤᠢ ᠬᠦᠳᠡᠭᠡ ᠲᠤᠰᠬᠤᠨ ᠮᠠᠯᠴᠢᠨ ᠲᠠᠷᠢᠶᠠᠴᠢᠨ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠰᠦᠨ ᠱᠦ ᠲᠤᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠡᠯ᠎ᠡ ᠵᠦᠢᠯ ᠤᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠵᠤ᠂ ᠪᠦᠭᠦ ᠬᠤᠰᠢᠭᠤᠨ ᠤ ᠭᠤᠣᠯᠳᠠᠯᠭ᠎ᠠ ᠲᠠᠢ ᠠᠵᠢᠯ ᠤᠨ ᠤᠷᠤᠭᠰᠢᠲᠠᠶ ᠶᠠᠪᠤᠭᠳᠠᠬᠤ ᠶᠢ ᠠᠬᠢᠭᠤᠯᠬᠤ ᠬᠡᠷᠡᠭᠲᠡᠶ᠃ ᠱᠠᠯᠠᠪᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠪᠣᠳᠠᠲᠠᠶ ᠲᠠᠢ ᠪᠠᠨ ᠤᠶᠠᠯᠳᠤᠭᠤᠯᠤᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠰᠡᠳᠬᠢᠮᠵᠢ ᠶᠢ ᠰᠦᠪᠡᠭᠴᠢᠯᠡᠵᠦ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢᠨ ᠳᠤᠮᠳᠠ ᠠᠴᠠ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠢᠳᠪᠤᠷᠢᠯᠡᠬᠦ ᠬᠡᠷᠡᠭᠲᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠵᠢᠱᠢᠶ᠎ᠡ ᠦᠵᠡᠭᠦᠯᠬᠦ ᠪᠦᠳᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠤ᠂ ᠲᠠᠷᠢᠶᠠᠯᠠᠩ ᠤᠨ ᠮᠡᠷᠭᠡᠵᠢᠯ ᠤᠨ ᠳᠡᠯᠭᠡᠷᠡᠭᠦᠯᠦᠯᠲᠡ ᠶᠢ ᠰᠠᠶᠢᠲᠤᠷ ᠬᠢᠵᠦ᠂ ︽ᠵᠢᠷᠭᠤᠭᠠᠨ ᠪᠡᠭᠡᠵᠢᠩ︾ ᠤᠨ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠪᠣᠯᠤᠨ ᠠᠵᠢᠯ ᠤᠨ ᠵᠣᠯᠭᠠᠯᠴᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠬᠤᠶᠠᠷ ᠭᠠᠵᠠᠷ ᠤᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠠᠶᠢᠯᠴᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ︽ᠨᠤᠲᠤᠭ ᠤᠨ ᠣᠨᠴᠠ ᠭᠠᠷᠤᠯᠲᠠ︾ ᠶᠢᠨ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠤ ᠵᠢᠭᠤᠯᠴᠢᠯᠠᠯ ᠢ ᠲᠦᠷᠭᠡᠳᠬᠡᠨ ᠬᠥᠭᠵᠢᠭᠦᠯᠵᠦ᠂ ︽ᠰᠢᠶᠤᠤ ᠵᠢᠩ ᠲᠥᠯᠥᠪᠯᠡᠭᠡ︾ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠤᠨ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠰᠤᠮᠤ ᠰᠢᠶᠠᠩ ᠪᠠᠯᠭᠠᠰᠤ ᠶᠢᠨ ︽ᠳᠥᠷᠪᠡᠨ ᠵᠦᠢᠯ ᠤᠨ ᠭᠤᠤᠯᠳᠠᠯᠭ᠎ᠠ ᠲᠠᠢ ᠠᠵᠢᠯ︾ ᠢ ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ᠂ ︽ᠬᠤᠶᠠᠳᠠᠬᠢ ᠡᠭᠡᠯᠵᠢ ᠶᠢᠨ ᠭᠠᠵᠠᠷ ᠰᠢᠷᠣᠶ ᠶᠢ ᠤᠷᠲᠤᠳᠬᠠᠨ ᠳᠠᠭᠠᠭᠠᠴᠢᠯᠠᠭᠤᠯᠬᠤ︾ ᠠᠵᠢᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠰᠤᠮᠤ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠵᠦᠢᠯᠡᠰ ᠤᠨ ᠨᠠᠷᠢᠨ ᠬᠠᠭᠤᠳᠠᠰᠤ ᠶᠢᠨ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠣᠶ ᠰᠢᠭᠤᠶ ᠶᠢᠨ ᠭᠠᠯ ᠲᠦᠢᠮᠡᠷ ᠢ ᠰᠡᠷᠭᠡᠶᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠰᠢᠢᠳᠪᠤᠷᠢᠯᠡᠬᠦ ᠶᠢ ᠦᠷᠭᠦᠯᠵᠢᠯᠡᠨ ᠠᠬᠢᠭᠤᠯᠵᠤ᠂ ᠵᠢᠵᠢᠭ ᠰᠠᠪᠠ ᠭᠠᠵᠠᠷ ᠤᠨ ᠢᠳᠡᠭᠳᠡᠯ ᠤᠨ ᠭᠤᠤ ᠵᠢᠯᠠᠭ᠎ᠠ ᠶᠢ ᠵᠠᠰᠠᠬᠤ ᠵᠡᠷᠭᠡ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠰᠠᠶᠢᠲᠤᠷ ᠬᠢᠬᠦ ᠬᠡᠷᠡᠭᠲᠡᠶ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠪᠠᠷ ᠢᠶᠠᠨ ᠠᠵᠢᠯᠯᠠᠬᠤ ᠶᠢ ᠲᠡᠷᠢᠭᠦᠨ ᠳᠤ ᠲᠠᠯᠪᠢᠬᠤ᠂ ᠪᠣᠳᠠᠲᠠᠶ ᠪᠠᠷ ᠭᠤᠤᠯᠳᠠᠭᠤᠯᠬᠤ ᠶᠢ ᠪᠠᠷᠢᠮᠲᠠᠯᠠᠵᠤ᠂ ᠪᠠᠴᠢᠮ ᠲᠤᠯᠭᠠᠮ᠎ᠠ ᠰᠡᠳᠬᠢᠯᠭᠡ᠂ ᠲᠦᠭᠰᠢᠭᠦᠷᠢᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠷ ᠴᠤᠭ ᠰᠦᠯᠳᠡ ᠪᠠᠨ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠡᠷᠡᠮᠡᠬᠡᠶᠢᠯᠡᠨ ᠤᠷᠤᠭᠰᠢᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠤ ᠡᠯ᠎ᠡ ᠵᠦᠢᠯ ᠤᠨ ᠠᠵᠢᠯ ᠢ ᠨᠠᠩ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃    ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠠᠷᠤᠭ᠎ᠠ᠂ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠸᠠᠩ ᡁᠢ ᠪᠢᠶᠤᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠡᠷᠡᠰ ᠰᠠᠶᠢᠲᠤᠷ ᠠᠳᠬᠤᠵᠤ᠂ 2012 — 2024 ᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ  ᠲᠦᠷᠦᠯ ᠵᠦᠢᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ︽ᠡᠷᠬᠢᠨ ᠬᠠᠷᠠᠬᠤ︾ ᠠᠵᠢᠯ ᠢ ᠡᠷᠡᠰ ᠰᠠᠶᠢᠲᠤᠷ ᠠᠳᠬᠤᠵᠤ᠂ 2025 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠢ ᠡᠷᠡᠰ ᠰᠠᠶᠢᠲᠤᠷ ᠠᠳᠬᠤᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠵᠢᠴᠢ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠲᠦᠷᠦᠯ ᠵᠦᠢᠯ ᠢ ᠡᠷᠡᠰ ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠡᠷᠡᠰ ᠰᠠᠶᠢᠲᠤᠷ ᠠᠳᠬᠤᠬᠤ ᠵᠢᠴᠢ ᠲᠠᠷᠢᠶᠠᠯᠠᠩ ᠳᠤ ᠬᠤᠯᠪᠣᠭᠳᠠᠬᠤ ᠬᠦᠷᠢᠶᠡᠨ ᠳᠠᠬᠢ ᠬᠢᠯᠠᠰ ᠴᠡᠭᠲᠦ ᠠᠵᠢᠯ ᠢ ᠡᠷᠡᠰ ᠰᠠᠶᠢᠲᠤᠷ ᠠᠳᠬᠤᠬᠤ ᠵᠡᠷᠭᠡ ᠵᠢᠷᠭᠤᠭᠠᠨ ᠲᠠᠯ᠎ᠠ ᠪᠠᠷ 2025 ᠣᠨ ᠤ ᠬᠦᠳᠡᠭᠡ ᠠᠵᠤ ᠠᠬᠤᠢ ᠬᠦᠳᠡᠭᠡ ᠲᠤᠰᠬᠤᠨ ᠮᠠᠯᠴᠢᠨ ᠲᠠᠷᠢᠶᠠᠴᠢᠨ ᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号