| ︽3 · 8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠵᠦ᠂ ᠥᠷᠭᠡᠨ ᠣᠯᠠᠨ ᠡᠮᠡᠭᠲᠡᠶᠢᠴᠦᠳ ᠤᠨ | ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ | ᠠᠮᠢᠵᠢᠷᠠᠯ ᠤᠨ ᠬᠦᠴᠦᠨ ᠪᠠ ᠲᠠᠲᠠᠬᠤ ᠬᠦᠴᠦᠨ ᠢ ᠭᠦᠢᠴᠡᠳ ᠢᠯᠡᠷᠡᠭᠦᠯᠬᠦ ᠶᠢᠨ ᠲᠦᠯᠦᠭᠡ᠂ 3 ᠰᠠᠷ᠎ᠠ ᠶᠢᠨ 7 ᠤ | ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠡᠪᠰᠡᠭ ᠪᠠᠯᠭᠠᠰᠤ ᠶᠢᠨ ᠤᠷᠢᠳᠤ ᠪᠤᠳᠢ ᠭᠠᠴᠠᠭ᠎ᠠ | ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠰᠢᠷᠢᠰ ᠠᠵᠢᠯᠯᠠᠭ᠎ᠠ ᠶᠠᠪᠤᠭᠳᠠᠭᠤᠯᠪᠠ᠃ | ᠳᠡᠪᠰᠡᠭ ᠪᠠᠯᠭᠠᠰᠤ᠂ ᠴᠠᠷᠠᠰᠤᠨ ᠪᠠᠯᠭᠠᠰᠤ᠂ ᠭᠦᠢᠯᠡᠷ ᠪᠠᠯᠭᠠᠰᠤ᠂ ᠰᠣᠯᠣᠨ ᠪᠠᠯᠭᠠᠰᠤ ᠠᠴᠠ ᠢᠷᠡᠭᠰᠡᠨ 35 | ᠲᠥᠯᠥᠭᠡᠯᠡᠭᠴᠢᠳ ᠤᠨ ᠠᠩᠬᠢ ᠶᠢᠨ 300 ᠭᠠᠷᠤᠢ ᠤᠯᠠᠨ ᠲᠦᠮᠡᠨ ᠨᠢᠭᠡ ᠲᠠᠩᠬᠢᠮ ᠳᠤ ᠴᠤᠭᠯᠠᠷᠠᠵᠤ᠂ ᠭᠤᠶᠢᠳᠠ | ᠰᠠᠶᠢᠬᠠᠨ ᠪᠥᠵᠢᠭ ᠢᠶᠠᠷ 115 ᠳᠠᠬᠢ ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢᠶᠠᠨ ᠪᠡᠯᠭᠡᠯᠡᠵᠡᠢ᠃ | | ᠡᠨᠡ ᠤᠳᠠᠭ᠎ᠠ ᠶᠢᠨ ᠠᠵᠢᠯᠯᠠᠭ᠎ᠠ ᠨᠢ ᠣᠯᠠᠨ ᠶᠠᠩᠵᠤ ᠶᠢᠨ ᠠᠭᠤᠯᠭ᠎ᠠ ᠶᠢ ᠬᠠᠮᠤᠷᠴᠤ᠂ ᠤᠯᠠᠮᠵᠢᠯᠠᠯᠲᠤ ᠳᠥᠷᠪᠡᠨ | ᠤᠲᠠᠰᠤᠲᠤ ᠬᠤᠭᠤᠷ ᠤᠨ ᠬᠦᠭᠵᠢᠮ ᠠᠴᠠ ᠣᠷᠭᠢᠯᠤᠮ᠎ᠠ ᠬᠠᠯᠠᠭᠤᠨ ᠰᠡᠳᠬᠢᠯᠭᠡ ᠪᠠ ᠠᠮᠢᠵᠢᠷᠠᠯ ᠤᠨ ᠬᠦᠴᠦᠨ ᠢᠶᠠᠷ | ᠪᠢᠯᠬᠠᠭᠰᠠᠨ ᠣᠲᠣ ᠦᠶ᠎ᠡ ᠶᠢᠨ ᠪᠥᠵᠢᠭ ᠬᠦᠷᠲᠡᠯ᠎ᠡ᠂ ᠰᠦᠷ ᠳᠠᠯᠠᠶᠢᠴᠠᠲᠠᠶ ᠣᠯᠠᠨ ᠨᠡᠶᠢᠲᠡ ᠶᠢᠨ ᠠᠭᠤᠳᠠᠮ | ᠲᠠᠯᠠᠪᠠᠶ ᠶᠢᠨ ᠪᠥᠵᠢᠭ ᠤᠨ ᠲᠣᠭᠯᠠᠯᠲᠠ ᠠᠴᠠ ᠤᠷᠠᠨ ᠨᠠᠷᠢᠯᠢᠭ ᠬᠤᠪᠢ ᠬᠥᠮᠦᠨ ᠤ ᠪᠥᠵᠢᠭ ᠤᠨ ᠲᠤᠭᠯᠠᠯᠳᠠ | ᠬᠦᠷᠲᠡᠯ᠎ᠡ ᠴᠥᠮ ᠪᠥᠬᠦ ᠰᠡᠳᠬᠢᠯ ᠢᠶᠠᠷ ᠢᠶᠠᠨ ᠣᠷᠣᠯᠴᠠᠵᠤ᠂ ᠪᠥᠵᠢᠭ ᠤᠨ ᠥᠪᠡᠷᠮᠢᠴᠡ ᠷᠢᠳᠢ ᠰᠢᠳᠢ ᠶᠢ ᠤᠯᠠᠨ᠎ᠠ | ᠪᠦᠷᠢᠨ ᠭᠦᠢᠴᠡᠳ ᠳᠡᠯᠭᠡᠨ ᠦᠵᠡᠭᠦᠯᠵᠦ᠂ ᠲᠤᠬᠠᠶ ᠶᠢᠨ ᠲᠠᠯᠠᠪᠠᠶ ᠶᠢᠨ ᠦᠵᠡᠭᠴᠢᠳ ᠤᠨ ᠬᠠᠯᠠᠭᠤᠨ ᠠᠯᠠᠭ᠎ᠠ | ᠲᠡᠰᠢᠯᠲᠡ ᠶᠢ ᠣᠯᠤᠭᠰᠠᠨ ᠪᠠᠶᠢᠨ᠎ᠠ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠡᠪᠰᠡᠭ ᠪᠠᠯᠭᠠᠰᠤᠨ ᠤ ᠤᠷᠢᠳᠤ ᠪᠤᠳᠢ ᠭᠠᠴᠠᠭᠠᠨ ᠤ | ᠲᠠᠷᠢᠶᠠᠴᠢᠨ ᠳ᠋ᠠᠶ ᠬᠤᠸᠠ᠄ ︽ᠠᠵᠢᠯᠯᠠᠭ᠎ᠠ ᠮᠠᠰᠢ ᠬᠦᠷ ᠬᠥᠭᠵᠢᠶᠡᠨ ᠲᠠᠢ ᠶᠠᠪᠤᠭᠳᠠᠵᠠᠢ᠂ ᠬᠤᠶᠢᠰᠢᠳᠠ | ᠭᠠᠴᠠᠭᠠᠨ ᠤ ᠬᠢᠨ ᠡᠶᠢᠮᠦ ᠰᠣᠶᠣᠯ ᠤᠨ ᠠᠵᠢᠯᠯᠠᠭ᠎ᠠ ᠶᠢ ᠢᠯᠡᠭᠦᠬᠡᠨ ᠡᠷᠭᠢᠯᠡᠬᠦ ᠶᠢ ᠬᠦᠰᠡᠵᠦ ᠪᠠᠶᠢᠨ᠎ᠠ︾ ᠭᠡᠵᠦ | ᠪᠠᠶᠠᠷᠲᠠᠶ ᠬᠡᠯᠡᠵᠡᠶ᠃ | ᠣᠶᠢᠯᠠᠭᠠᠭᠰᠠᠨ ᠢᠶᠠᠷ᠂ ᠦᠨᠦ ᠵᠢᠯ ᠪᠣᠯ ᠤᠷᠢᠳᠤ ᠪᠤᠳᠢ ᠭᠠᠴᠠᠭᠠᠨ ᠤ ︽3 · 8︾ ᠤ ᠠᠭᠤᠳᠠᠮ ᠲᠠᠯᠠᠪᠠᠶ ᠶᠢᠨ | ᠪᠥᠵᠢᠭ ᠤᠨ ᠠᠵᠢᠯᠯᠠᠭ᠎ᠠ ᠡᠷᠬᠢᠯᠡᠭᠰᠡᠨ ᠲᠠᠪᠤᠳᠤᠭᠠᠷ ᠵᠢᠯ ᠪᠣᠯᠤᠨ᠎ᠠ᠂ ᠲᠤᠰ ᠠᠵᠢᠯᠯᠠᠭ᠎ᠠ ᠨᠢ ᠪᠥᠵᠢᠭ ᠪᠥᠵᠢᠭᠯᠡᠬᠦ | ᠳᠤᠷᠠᠲᠠᠶ ᠡᠮᠡᠭᠲᠡᠶ ᠨᠠᠶᠢᠵᠠ ᠨᠠᠷ ᠲᠤ ᠳᠡᠳᠡᠨ ᠤ ᠴᠤᠭ ᠵᠢᠪᠬᠤᠭ᠎ᠠ ᠶᠢ ᠳᠡᠯᠭᠡᠨ ᠦᠵᠡᠭᠦᠯᠬᠦ ᠲᠠᠪᠴᠠᠩ ᠪᠠᠶᠢᠭᠤᠯᠵᠤ | ᠥᠭᠭᠦᠭᠰᠡᠨ ᠢᠶᠠᠷ ᠪᠠᠷᠠᠬᠤ ᠥᠬᠡᠶ᠂ ᠪᠠᠰᠠ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠮᠡᠷᠢᠯᠡᠭᠰᠡᠨ ᠪᠥᠭᠡᠳ | ᠲᠤᠬᠠᠶ ᠶᠢᠨ ᠭᠠᠵᠠᠷ ᠤᠨ ᠰᠣᠶᠣᠯ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠬᠤ ᠬᠦᠴᠦᠷᠬᠡᠭ ᠶᠡᠭᠡ | ᠬᠥᠳᠡᠯᠭᠡᠬᠦ ᠬᠦᠴᠦᠨ ᠪᠣᠯᠵᠣ᠂ ᠥᠷᠭᠡᠨ ᠣᠯᠠᠨ ᠡᠮᠡᠭᠲᠡᠶᠢᠴᠦᠳ ᠤᠨ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠ | ᠴᠤᠭ ᠪᠠᠳᠠᠷᠠᠩᠭᠤᠶ ᠳᠦᠷᠢ ᠲᠥᠷᠬᠦ ᠪᠠᠷ ᠠᠮᠢᠳᠤᠷᠠᠯ ᠪᠠ ᠠᠵᠢᠯ ᠳᠠᠭᠠᠨ ᠣᠷᠣᠯᠴᠠᠵᠤ᠂ ᠰᠢᠨ᠎ᠡ ᠴᠠᠭ ᠦᠶ᠎ᠡ ᠳᠤ | ᠨᠠᠩ ᠭᠤᠶᠢᠳᠠ ᠰᠠᠶᠢᠬᠠᠨ ᠬᠡᠷᠡᠯ ᠭᠢᠯᠪᠠᠭ᠎ᠠ ᠪᠠᠨ ᠪᠠᠳᠠᠷᠠᠭᠤᠯᠬᠤ ᠶᠢ ᠵᠣᠷᠢᠭᠵᠢᠭᠤᠯᠵᠤ ᠪᠠᠶᠢᠨ᠎ᠠ᠃ |