| 3 ᠰᠠᠷ᠎ᠠ ᠶᠢᠨ 11 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠠᠯᠳᠠᠷ ᠰᠤᠮᠤ ᠶᠢᠨ | ᠭᠤᠸᠠᠩ ᠮᠢᠩ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠵᠢᠩᠬᠢᠨᠢ ᠪᠠᠷ ᠡᠵᠡᠩᠨᠡᠯᠲᠡ ᠪᠠᠨ ᠡᠬᠢᠯᠡᠭᠦᠯᠵᠦ᠂ ᠠᠯᠳᠠᠷ | ᠰᠤᠮᠤ ᠵᠢᠴᠢ ᠡᠷᠬᠢᠨ ᠲᠣᠭᠤᠷᠢᠨ ᠤ ᠮᠠᠯᠵᠢᠬᠤ ᠣᠷᠣᠨ ᠤ ᠲᠡᠵᠢᠭᠡᠨ ᠦᠷᠡᠵᠢᠭᠦᠯᠬᠦ ᠡᠷᠦᠬᠡ ᠪᠣᠯᠤᠨ ᠣᠯᠠᠨ | ᠲᠦᠮᠡᠨ ᠳᠤ ᠪᠣᠷᠣᠯᠠᠭᠤᠯᠭ᠎ᠠ ᠶᠢᠨ ᠲᠠᠪᠴᠠᠩ ᠬᠠᠩᠭᠠᠵᠤ᠂ ᠠᠮᠢᠳᠤ ᠮᠠᠯ ᠠᠷᠠᠯᠵᠢᠶᠠᠯᠠᠬᠤ ᠬᠦᠴᠢᠷ ᠠᠰᠠᠭᠤᠳᠠᠯ ᠢ | ᠬᠦᠴᠦᠯᠡᠨ ᠰᠢᠢᠳᠪᠤᠷᠢᠯᠡᠵᠦ᠂ ᠮᠠᠯ ᠠᠵᠤ ᠠᠬᠤᠶ ᠶᠢᠨ ᠵᠠᠬ᠎ᠠ ᠳᠡᠯᠭᠡᠭᠦᠷ ᠤᠨ ᠪᠦᠬᠦᠯᠢ ᠴᠣᠭᠴᠠ ᠶᠢᠨ ᠥᠷᠢᠰᠦᠯᠳᠦᠬᠦ | ᠬᠦᠴᠦᠨ ᠢ ᠳᠡᠭᠡᠭᠰᠢᠯᠡᠭᠦᠯᠦᠨ᠂ ᠮᠠᠯ ᠠᠵᠤ ᠠᠬᠤᠶ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠠᠩ ᠰᠠᠶᠢᠨ | ᠬᠥᠭᠵᠢᠭᠡᠪᠡ᠃ | ᠠᠯᠳᠠᠷ ᠰᠤᠮᠤᠨ ᠤ ᠭᠤᠸᠠᠩ ᠮᠢᠩ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠥᠷᠥᠯ ᠵᠦᠢᠯ ᠤᠨ | ᠶᠡᠷᠦᠩᠬᠡᠶ ᠪᠠᠯᠠ ᠣᠷᠣᠭᠤᠯᠤᠯᠲᠠ ᠨᠢ 800 ᠲᠦᠮᠡᠨ ᠲᠥᠭᠦᠷᠢᠭ ᠪᠠᠶᠢᠵᠤ᠂ ᠲᠥᠷᠥᠯ ᠵᠦᠢᠯ ᠤᠨ ᠶᠡᠷᠦᠩᠬᠡᠶ ᠡᠵᠡᠯᠡᠬᠦ | ᠲᠠᠯᠠᠪᠠᠶ ᠨᠢ 66327.48 ᠲᠡᠭᠰᠢ ᠳᠥᠷᠪᠡᠯᠵᠢᠨ ᠮᠧᠲᠷ ᠪᠠᠶᠢᠵᠤ᠂ ᠭᠤᠤᠯ ᠪᠥᠲᠥᠭᠡᠨ ᠪᠠᠶᠢᠭᠤᠯᠤᠯᠲᠠ ᠶᠢᠨ | ᠠᠭᠤᠯᠭ᠎ᠠ ᠳᠤ ᠦᠬᠡᠷ ᠬᠤᠨᠢᠨ ᠤ ᠠᠷᠠᠯᠵᠢᠶᠠᠨ ᠤ ᠲᠣᠭᠤᠷᠢᠭ ᠤᠨ ᠬᠠᠰᠢᠶ᠎ᠠ ᠰᠠᠷᠠᠪᠴᠢ᠂ ᠦᠬᠡᠷ ᠬᠤᠨᠢ ᠶᠢ ᠬᠤᠷᠢᠵᠤ | ᠬᠠᠳᠠᠭᠠᠯᠠᠬᠤ ᠲᠣᠭᠤᠷᠢᠭ᠂ ᠲᠡᠷᠭᠡᠨ ᠵᠣᠭᠰᠣᠭᠠᠯ ᠵᠡᠷᠭᠡ ᠢᠵᠢ ᠪᠥᠷᠢᠳᠦᠭᠰᠡᠨ ᠳᠠᠭᠠᠯᠲᠠ ᠲᠦᠬᠦᠭᠡᠷᠦᠮᠵᠢ ᠶᠢ | ᠪᠠᠭᠲᠠᠭᠠᠵᠤ᠂ ᠵᠢᠯ ᠳᠤ 20 ᠲᠦᠮᠡᠨ ᠮᠠᠯ ᠠᠷᠠᠯᠵᠢᠶᠠᠯᠠᠵᠤ ᠪᠣᠯᠤᠨ᠎ᠠ᠃ ᠡᠷᠭᠢᠨ ᠲᠣᠭᠤᠷᠢᠨ ᠤ ᠭᠠᠵᠠᠷ ᠣᠷᠣᠨ ᠳᠤ | ᠢᠳᠡᠪᠬᠢᠲᠡᠶ ᠳᠠᠶᠢᠴᠢᠯᠠᠬᠤ ᠦᠢᠯᠡᠳᠦᠯ ᠦᠵᠡᠭᠦᠯᠪᠡ᠃ ᠨᠢᠭᠡ ᠲᠠᠯ᠎ᠠ ᠪᠠᠷ᠂ ᠲᠡᠷᠡ ᠨᠢ ᠲᠡᠵᠢᠭᠡᠨ ᠦᠷᠡᠵᠢᠭᠦᠯᠬᠦ | ᠡᠷᠦᠬᠡ ᠳᠤ ᠳᠥᠭᠦᠮ ᠳᠥᠲᠡ᠂ ᠲᠥᠪᠯᠡᠷᠡᠩᠭᠦᠶ ᠠᠷᠠᠯᠵᠢᠶᠠᠨ ᠤ ᠲᠠᠪᠴᠠᠩ ᠬᠠᠩᠭᠠᠵᠤ᠂ ᠬᠤᠭᠤᠷᠤᠨᠳᠤᠬᠢ | ᠭᠤᠭᠴᠤᠭ᠎ᠠ ᠶᠢ ᠪᠠᠭᠠᠰᠬᠠᠨ᠂ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠵᠤ᠂ ᠲᠡᠵᠢᠭᠡᠨ ᠦᠷᠡᠵᠢᠭᠦᠯᠬᠦ | ᠡᠷᠦᠬᠡ ᠶᠢᠨ ᠠᠵᠤ ᠠᠬᠤᠶ ᠶᠢᠨ ᠦᠷ᠎ᠡ ᠠᠰᠢᠭ ᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃ ᠨᠥᠭᠦᠭᠡ ᠲᠠᠯ᠎ᠠ ᠪᠠᠷ᠂ | ᠵᠠᠬ᠎ᠠ ᠳᠡᠯᠭᠡᠭᠦᠷ ᠤᠨ ᠡᠵᠡᠩᠨᠡᠯᠲᠡ ᠨᠢ ᠲᠡᠭᠡᠭᠡᠪᠦᠷᠢ᠂ ᠢᠳᠡᠭᠡᠨ ᠤᠮᠳᠠᠭᠠᠨ᠂ ᠲᠡᠵᠢᠭᠡᠯ ᠪᠣᠷᠳᠤᠭ᠎ᠠ ᠶᠢᠨ ᠬᠠᠩᠭᠠᠯᠭ᠎ᠠ | ᠵᠡᠷᠭᠡ ᠬᠠᠮᠢᠶ᠎ᠠ ᠪᠥᠬᠦᠶ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠨ᠂ ᠶᠡᠭᠡ ᠬᠡᠮᠵᠢᠶᠡᠨ ᠤ ᠠᠵᠢᠯ ᠤᠯᠬᠤ | ᠲᠣᠬᠢᠶᠠᠯ ᠢ ᠡᠭᠦᠳᠴᠦ᠂ ᠠᠯᠳᠠᠷ ᠰᠤᠮᠤ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠵᠤ ᠠᠬᠤᠶ ᠶᠢᠨ | ᠬᠥᠭᠵᠢᠯ ᠪᠠᠳᠠᠷᠠᠯ ᠢ ᠠᠬᠢᠭᠤᠯᠤᠭᠰᠠᠨ ᠪᠠᠶᠢᠨ᠎ᠠ᠃ | ᠲᠤᠬᠠᠢ ᠶᠢᠨ ᠲᠠᠯᠠᠪᠤᠷ ᠲᠤ ᠶᠡᠭᠡ ᠬᠡᠮᠵᠢᠶᠡᠨ ᠤ ᠮᠠᠯ ᠤᠨᠤᠭ᠎ᠠ ᠶᠢ ᠠᠷᠠᠯᠵᠢᠶᠠᠯᠠᠬᠤ ᠪᠠᠷ ᠬᠦᠯᠢᠶᠡᠵᠦ ᠪᠠᠶᠢᠪᠠ᠃ | ᠲᠡᠵᠢᠭᠡᠨ ᠦᠷᠡᠵᠢᠭᠦᠯᠬᠦ ᠡᠷᠦᠬᠡ ᠶᠢᠨ ᠴᠢᠷᠠᠶ ᠳᠤ ᠪᠠᠶᠠᠷ ᠪᠠᠭ᠋ᠠᠳᠤᠯ ᠢᠶᠠᠷ ᠪᠢᠯᠬᠠᠵᠤ᠂ ᠵᠠᠬ᠎ᠠ ᠳᠡᠯᠭᠡᠭᠦᠷ ᠤᠨ | ᠢᠷᠡᠭᠡᠳᠦᠶ ᠳᠤ ᠢᠲᠡᠭᠡᠯ ᠳᠦᠭᠦᠷᠡᠩ ᠪᠠᠶᠢᠯ᠎ᠠ᠃ ᠠᠯᠳᠠᠷ ᠰᠤᠮᠤ ᠤᠢᠢᠷ᠎ᠠ ᠶᠢᠨ ᠵᠢᠯ ᠤᠨ ᠲᠤᠷᠰᠢ ᠬᠠᠰᠢᠶᠠᠯᠠᠨ | ᠲᠡᠵᠢᠭᠡᠵᠦ ᠦᠷᠡᠵᠢᠭᠦᠯᠬᠦ ᠶᠢ ᠶᠡᠬᠡᠪᠡᠷ ᠬᠥᠭᠵᠢᠭᠦᠯᠵᠦ᠂ ᠰᠢᠯᠢᠳᠡᠭ ᠡᠭᠦᠯᠳᠡᠷ ᠢ ᠣᠷᠣᠭᠤᠯᠤᠨ ᠠᠪᠴᠢᠷᠠᠬᠤ᠂ | ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠮᠡᠷᠭᠡᠵᠢᠯ ᠢ ᠳᠡᠯᠭᠡᠷᠡᠭᠦᠯᠬᠦ ᠪᠠᠷ ᠳᠠᠮᠵᠢᠨ ᠮᠠᠯ ᠠᠵᠤ ᠠᠬᠤᠢ ᠶᠢᠨ | ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠠᠢ᠃ ᠵᠠᠬ᠎ᠠ ᠳᠡᠯᠭᠡᠭᠦᠷ ᠨᠡᠭᠡᠭᠡᠭᠰᠡᠨ ᠲᠡᠷᠡ ᠡᠳᠦᠷ ᠲᠤ ᠳᠠᠷᠤᠶ | ᠠᠷᠠᠯᠵᠢᠶᠠᠨ ᠤ ᠬᠡᠮᠵᠢᠶ᠎ᠡ 150 ᠳᠤ ᠲᠤᠯᠵᠠᠢ᠃ | ᠬᠤᠶᠢᠰᠢᠳᠠ᠂ ᠭᠤᠸᠠᠩ ᠮᠢᠩ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠨᠢ ᠦᠢᠯᠡᠴᠢᠯᠡᠭᠡᠨ ᠤ ᠴᠢᠳᠠᠮᠵᠢ ᠪᠠᠨ | ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠠᠮᠢᠶᠠᠷᠤᠯᠲᠠ ᠪᠠᠨ ᠴᠢᠩᠭᠠᠳᠬᠠᠨ᠂ ᠵᠠᠬ᠎ᠠ ᠳᠡᠯᠭᠡᠭᠦᠷ ᠤᠨ ᠨᠥᠯᠥᠭᠡᠯᠡᠬᠦ | ᠬᠦᠴᠦᠨ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠪᠣᠯᠤᠨ᠎ᠠ᠃ ᠵᠠᠬ᠎ᠠ ᠳᠡᠯᠭᠡᠭᠦᠷ ᠤᠨ ᠲᠠᠶᠢᠴᠢᠯᠠᠯ ᠢᠶᠠᠷ᠂ | ᠲᠤᠬᠠᠢ ᠶᠢᠨ ᠭᠠᠵᠠᠷ ᠤᠨ ᠮᠠᠯ ᠠᠵᠤ ᠠᠬᠤᠢ ᠨᠡᠩ ᠥᠷᠭᠡᠨ ᠠᠭᠤᠳᠠᠮ ᠬᠥᠭᠵᠢᠯᠲᠡ ᠶᠢᠨ ᠢᠷᠡᠭᠡᠳᠦᠢ ᠪᠠᠨ ᠤᠭᠲᠤᠨ | ᠠᠪᠴᠢᠷᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠴᠤ ᠨᠡᠩ ᠡᠯᠪᠡᠭ ᠪᠠᠶᠠᠯᠢᠭ ᠦᠷ᠎ᠡ | ᠪᠦᠲᠦᠭᠡᠯ ᠤᠯᠬᠤ ᠪᠤᠯᠤᠨ᠎ᠠ᠃ ᠪᠢᠳᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠡᠭᠡᠷ᠎ᠡ ᠨᠡᠩ | ᠯᠠᠪᠳᠠᠭᠤᠨ ᠪᠠᠲᠤᠲᠠᠢ ᠠᠯᠬᠤᠭ᠎ᠠ ᠶᠢ ᠠᠯᠬᠤᠵᠤ᠂ ᠨᠡᠩ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠬᠦ ᠶᠢ | ᠬᠦᠰᠡᠵᠦ ᠪᠠᠶᠢᠨ᠎ᠠ᠃ |