| 3 ᠰᠠᠷ᠎ᠠ ᠶᠢᠨ 10 ᠤ ᠡᠳᠦᠷ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠵᠣᠯᠭᠠᠭᠤᠯᠬᠤ ᠠᠵᠢᠯᠯᠠᠭ᠎ᠠ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠬᠢᠩᠭᠠᠨ ᠤ ᠪᠡᠭᠡᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠳᠤ ᠶᠠᠪᠤᠭᠳᠠᠵᠤ᠂ ᠪᠥᠬᠦ | ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠶᠢᠨ 50 ᠭᠠᠷᠤᠢ ᠠᠵᠤ ᠠᠬᠤᠶᠢᠯᠠᠯ ᠤᠷᠤᠯᠴᠠᠵᠤ᠂ ᠲᠠᠷᠢᠶᠠᠯᠠᠩ ᠮᠠᠯ | ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ᠂ ᠲᠠᠷᠢᠶᠠᠯᠠᠩ | ᠮᠠᠯ ᠠᠵᠤ ᠠᠬᠤᠶ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠲᠦᠷᠭᠡᠳᠬᠡᠨ ᠠᠬᠢᠭᠤᠯᠬᠤ ᠳᠤ ᠬᠦᠴᠦᠨ ᠨᠡᠮᠡᠷᠢᠯᠡᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠦᠷ ᠬᠥᠭᠵᠢᠶᠡᠨ ᠢᠶᠠᠷ ᠪᠢᠯᠬᠠᠵᠤ᠂ ᠲᠡᠷᠢ ᠲᠡᠭᠰᠢ ᠵᠢᠭᠰᠠᠭᠠᠭᠰᠠᠨ | ᠦᠵᠡᠭᠦᠯᠭᠡ ᠶᠢᠨ ᠪᠠᠶᠢᠷᠢ᠂ ᠢᠯᠡ ᠲᠣᠳᠣ ᠦᠢᠯᠡᠳᠬᠦᠨ ᠤ ᠤᠷᠢᠶ᠎ᠠ ᠯᠣᠽᠦ᠋ᠩ᠂ ᠲᠠᠷᠢᠶᠠᠯᠠᠩ ᠮᠠᠯ ᠠᠵᠤ ᠠᠬᠤᠢ ᠶᠢᠨ | ᠪᠦᠲᠦᠭᠡᠭᠳᠡᠬᠦᠨ ᠤ ᠦᠵᠡᠭᠦᠯᠭᠡ ᠪᠣᠯᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠦᠷ᠎ᠡ | ᠪᠦᠲᠦᠭᠡᠯ ᠨᠢ ᠲᠣᠭᠤᠷᠢᠨ ᠦᠵᠡᠬᠦ ᠬᠥᠮᠦᠰ ᠤᠨ ᠠᠩᠬᠠᠷᠤᠯ ᠢ ᠲᠠᠲᠠᠪᠠ᠃ ᠦᠵᠡᠭᠦᠯᠭᠡ ᠳᠤ ᠣᠷᠣᠯᠴᠠᠭᠰᠠᠨ ᠠᠵᠤ | ᠠᠬᠤᠶᠢᠯᠠᠯ ᠨᠢ ᠡᠷᠳᠡᠨᠢ ᠰᠢᠰᠢ ᠶᠢᠨ ᠡᠭᠦᠯᠳᠡᠷ ᠪᠤᠶᠢᠵᠢᠭᠤᠯᠬᠤ᠂ ᠤᠰᠤᠨ ᠲᠤᠲᠤᠷᠭ᠎ᠠ ᠶᠢᠨ ᠡᠭᠦᠯᠳᠡᠷ ᠪᠤᠶᠢᠵᠢᠭᠤᠯᠬᠤ᠂ | ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ᠂ ᠲᠡᠵᠢᠭᠡᠯ ᠪᠣᠷᠳᠤᠭ᠎ᠠ ᠡᠳ᠋ᠰᠢᠭᠦᠯᠬᠦ᠂ ᠣᠶ ᠶᠢᠨ ᠬᠤᠷᠮᠣᠶ ᠶᠢᠨ | ᠲᠠᠷᠢᠮᠠᠯ᠂ ᠤᠨᠴᠠᠯᠢᠬᠳᠤ ᠲᠠᠷᠢᠮᠠᠯ ᠵᠡᠷᠭᠡ ᠣᠯᠠᠨ ᠬᠦᠷᠢᠶ᠎ᠡ ᠴᠠᠷᠠᠭ᠎ᠠ ᠳᠤ ᠬᠤᠯᠪᠣᠭᠳᠠᠵᠤ᠂ ᠲᠤᠬᠠᠶ ᠶᠢᠨ ᠲᠠᠯᠠᠪᠠᠶ ᠳᠤ | ᠪᠥᠲᠥᠭᠡᠨ ᠪᠠᠶᠢᠭᠤᠯᠤᠯᠲᠠ ᠶᠢᠨ ᠪᠠᠩᠬᠢ᠂ ᠥᠪᠥᠷ ᠮᠣᠩᠭᠤᠯ ᠪᠠᠩᠬᠢ᠂ ᠠᠷᠠᠳ ᠤᠨ ᠳᠠᠭᠠᠳᠬᠠᠯ ᠤᠨ ᠡᠳ᠋ | ᠬᠥᠷᠥᠩᠭᠡ ᠶᠢᠨ ᠳᠠᠭᠠᠳᠬᠠᠯ ᠵᠡᠷᠭᠡ 6 ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠮᠡᠷᠭᠡᠵᠢᠯ ᠢ ᠰᠢᠯᠵᠢᠭᠦᠯᠬᠦ 3 | ᠦᠢᠯᠡᠴᠢᠯᠡᠭᠡᠨ ᠤ ᠪᠠᠶᠢᠭᠤᠯᠤᠮᠵᠢ ᠪᠥᠬᠦ ᠶᠠᠪᠤᠴᠠ ᠳᠤ ᠬᠦᠴᠦᠨ ᠨᠡᠮᠡᠷᠢᠯᠡᠵᠦ᠂ ᠰᠢᠨ᠎ᠡ ᠶᠢ ᠡᠭᠦᠳᠬᠦ ᠭᠤᠤᠯ | ᠴᠣᠭᠴᠠ ᠳᠤ ᠳᠡᠯᠭᠡᠨ ᠦᠵᠡᠭᠦᠯᠵᠦ ᠲᠠᠨᠢᠯᠴᠠᠭᠤᠯᠬᠤ ᠲᠠᠪᠴᠠᠩ ᠬᠠᠩᠭᠠᠵᠤ᠂ ᠪᠥᠬᠦ ᠠᠶᠢᠮᠠᠭ ᠤᠨ ᠮᠠᠯᠴᠢᠨ | ᠲᠠᠷᠢᠶᠠᠴᠢᠨ᠂ ᠲᠠᠷᠢᠮᠠᠯ ᠤᠨ ᠲᠣᠮᠣ ᠡᠷᠦᠬᠡ᠂ ᠬᠤᠷᠰᠢᠶ᠎ᠠ ᠵᠡᠷᠭᠡ ᠭᠤᠤᠯ ᠴᠣᠭᠴᠠ ᠳᠤ ︽ᠨᠢᠭᠡ ᠥᠷᠲᠡᠭᠡᠴᠢᠯᠡᠬᠦ | ᠮᠠᠶ᠋ᠢᠭ︾ ᠤᠨ ᠦᠢᠯᠡᠴᠢᠯᠡᠭᠡ ᠬᠠᠩᠭᠠᠪᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠴᠢᠨᠠᠷ ᠰᠠᠶᠢᠲᠠᠢ ᠲᠤᠲᠤᠷᠭ᠎ᠠ᠂ ᠦᠬᠡᠷ ᠬᠤᠨᠢᠨ ᠮᠢᠬ᠎ᠠ᠂ | ᠪᠤᠷᠴᠠᠭ᠂ ᠴᠠᠭᠠᠨ ᠢᠳᠡᠭᠡ ᠶᠢ ᠪᠣᠯᠪᠠᠰᠤᠷᠠᠭᠤᠯᠤᠨ ᠠᠮᠳᠠᠯᠠᠭᠤᠯᠵᠤ ᠤᠯᠠᠨ ᠲᠦᠮᠡᠨ ᠳᠤ ᠨᠡᠩ ᠭᠦᠨ ᠰᠠᠭᠤᠭᠳᠠᠯ | ᠦᠯᠡᠳᠡᠭᠡᠪᠡ᠃ | ᠰᠢᠨᠵᠢᠯᠡᠬᠦ ᠤᠬᠠᠭᠠᠨ ᠮᠡᠷᠭᠡᠵᠢᠯ ᠬᠥᠭᠵᠢᠪᠡᠯ ᠠᠵᠤ ᠦᠢᠯᠡᠰ ᠬᠥᠭᠵᠢᠵᠦ᠂ ᠠᠵᠤ ᠦᠢᠯᠡᠰ ᠬᠥᠭᠵᠢᠪᠡᠯ ᠬᠥᠳᠡᠭᠡ | ᠲᠣᠰᠬᠤᠨ ᠮᠠᠨᠳᠤᠨ᠎ᠠ᠃ ᠲᠣᠰ ᠤᠳᠠᠭᠠᠨ ᠤ ᠠᠵᠢᠯᠯᠠᠭ᠎ᠠ ᠨᠢ ᠦᠷ᠎ᠡ ᠪᠦᠲᠦᠭᠡᠯ ᠢ ᠳᠡᠯᠭᠡᠨ ᠦᠵᠡᠭᠦᠯᠬᠦ᠂ | ᠰᠣᠯᠢᠯᠴᠠᠭ᠎ᠠ ᠶᠢ ᠠᠬᠢᠭᠤᠯᠬᠤ᠂ ᠳᠡᠯᠭᠡᠷᠡᠭᠦᠯᠬᠦ ᠶᠢ ᠠᠬᠢᠭᠤᠯᠬᠤ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ | ᠠᠬᠤᠶ ᠶᠢᠨ ᠠᠯᠢ ᠣᠯᠠᠨ ᠲᠡᠷᠢᠭᠦᠨ ᠤ ᠮᠡᠷᠭᠡᠵᠢᠯ ᠪᠠ ᠴᠢᠨᠠᠷ ᠰᠠᠶᠢᠲᠠᠶ ᠦᠢᠯᠡᠳᠬᠦᠨ ᠢ ᠤᠬᠠᠭᠤᠯᠬᠤ ᠪᠠ | ᠳᠡᠯᠭᠡᠷᠡᠭᠦᠯᠬᠦ ᠶᠢ ᠤᠯᠠᠮ ᠨᠢᠭᠡ ᠠᠯᠬᠤᠮ ᠳᠡᠯᠭᠡᠨ ᠦᠵᠡᠭᠦᠯᠵᠦ᠂ ᠪᠥᠬᠦ ᠠᠶᠢᠮᠠᠭ ᠤᠨ ᠲᠠᠷᠢᠶᠠᠯᠠᠩ ᠮᠠᠯ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ 5 ᠡᠳᠦᠷ ᠶᠠᠪᠤᠭᠳᠠᠵᠤ᠂ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤ ᠲᠣᠰ ᠤᠳᠠᠭᠠᠨ ᠤ ᠠᠵᠢᠯᠯᠠᠭ᠎ᠠ ᠶᠢᠨ ᠠᠩᠬᠠᠨ ᠤ ᠥᠷᠲᠡᠭᠡ ᠪᠣᠯᠤᠭᠰᠠᠨ ᠤ ᠬᠤᠪᠢ ᠳᠤ᠂ | ᠠᠵᠢᠯᠯᠠᠭ᠎ᠠ ᠶᠢ ᠬᠢᠩᠭᠠᠨ ᠤ ᠪᠡᠭᠡᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠳᠤ ᠳᠣᠭᠢᠷᠠᠭᠤᠯᠪᠠ᠃ | ᠬᠢᠩᠭᠠᠨ ᠤ ᠪᠡᠭᠡᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠪᠣᠯ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠪᠠᠶᠢᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠯᠲᠡ ᠬᠢᠵᠦ ᠬᠠᠮᠲᠤᠷᠠᠯᠴᠠᠬᠤ ᠪᠠ ᠦᠷ᠎ᠡ | ᠪᠦᠲᠦᠭᠡᠯ ᠢᠶᠠᠨ ᠲᠠᠨᠢᠯᠴᠠᠭᠤᠯᠬᠤ ᠰᠣᠯᠢᠯᠴᠠᠭᠠᠨ ᠤ ᠴᠢᠬᠤᠯᠠ ᠴᠤᠩᠬᠤᠪᠴᠢ ᠪᠣᠯᠤᠨ᠎ᠠ᠂ 1380 ᠲᠡᠭᠰᠢ | ᠳᠥᠷᠪᠡᠯᠵᠢᠨ ᠮᠧᠲᠷ ᠤᠨ ᠦᠵᠡᠭᠦᠯᠭᠡ ᠶᠢᠨ ᠲᠥᠪ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠳᠤ ᠪᠠᠲᠤ ᠴᠢᠩᠭ᠎ᠠ | ᠥᠮᠥᠭ ᠲᠦᠰᠢᠭ ᠬᠠᠩᠭᠠᠬᠤ ᠶᠢᠨ ᠬᠠᠮᠲᠤ ᠪᠠᠰᠠ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠵᠢᠯᠴᠠᠭ᠎ᠠ ᠶᠢᠨ ᠠᠬᠤᠶ ᠪᠠᠶᠢᠳᠠᠯ ᠳᠣᠤᠷ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠣᠯᠤᠭᠰᠠᠨ ᠦᠷ᠎ᠡ ᠪᠦᠲᠦᠮᠵᠢ ᠶᠢ ᠪᠥᠬᠦ | ᠲᠠᠯ᠎ᠠ ᠪᠠᠷ ᠳᠡᠯᠭᠡᠨ ᠦᠵᠡᠭᠦᠯᠦᠭᠰᠡᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠬᠤ ᠭᠠᠵᠠᠷ ᠤᠨ ᠳᠠᠷᠤᠭ᠎ᠠ ᠶᠢᠨ ᠯᠦᠩ᠂ | ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ ᠮᠠ ᠱᠦ ᠭᠠᠩ ᠵᠡᠷᠭᠡ ᠣᠷᠣᠨ᠂ ᠠᠶᠢᠮᠠᠭ᠂ ᠬᠤᠰᠢᠭᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠨᠠᠷ | ᠠᠵᠢᠯᠯᠠᠭ᠎ᠠ ᠳᠤ ᠣᠷᠣᠯᠴᠠᠵᠠᠶ᠃ |