ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/3/13
    3 ᠰᠠᠷ᠎ᠠ ᠶᠢᠨ 10 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠵᠤ᠂ ᠬᠤᠷᠠᠯ ᠨᠢ 2024 ᠣᠨ ᠤ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠣᠯᠤᠭᠰᠠᠨ ᠠᠮᠵᠢᠯᠲᠠ ᠪᠣᠯᠤᠨ ᠣᠳᠣᠬᠠᠨ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠭᠰᠡᠨ ᠪᠥᠭᠡᠳ 2025 ᠣᠨ ᠤ ᠭᠤᠤᠯᠳᠠᠯᠭ᠎ᠠ ᠲᠠᠢ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠵᠠᠶ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠤ ᠬᠠᠤᠯᠢ ᠴᠠᠭᠠᠵᠠ ᠶᠢᠨ ᠬᠤᠷᠢᠶᠠᠨ ᠤ ᠱᠦᠵᠢ ᠨᠢᠤ ᠶᠤᠸᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠶᠢᠰᠦᠳᠦᠭᠡᠷ ᠤᠳᠠᠭ᠎ᠠ ᠶᠢᠨ ᠪᠦᠬᠦ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠢᠯᠡᠭᠡᠭᠰᠡᠨ ᠴᠢᠬᠤᠯᠠ ᠵᠠᠬᠢᠳᠠᠯ ᠤᠨ ᠵᠣᠷᠢᠭ ᠰᠠᠨᠠᠭ᠎ᠠ᠂ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ᠂ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠶᠢᠰᠦᠳᠦᠭᠡᠷ ᠤᠳᠠᠭ᠎ᠠ ᠶᠢᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃    ᠬᠤᠷᠠᠯ ᠠᠴᠠ᠂ 2024 ᠣᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠨᠢᠭᠡᠳᠦᠭᠡᠷ ᠵᠥᠪᠯᠡᠬᠦ ᠰᠡᠳᠦᠪ ᠤᠨ ᠲᠦᠷᠢᠮ ᠢ ᠦᠨᠡᠨ ᠬᠦ ᠨᠠᠶᠢᠳᠠᠪᠤᠷᠢᠵᠢᠭᠤᠯᠵᠤ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠪᠠᠶᠢᠭᠤᠯᠤᠯᠲᠠ ᠶᠢᠨ ︽ᠭᠤᠤᠯ ᠬᠦᠴᠦᠨ︾ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠪᠥᠬᠦ ᠵᠢᠯ ᠤᠨ ᠭᠤᠤᠯᠳᠠᠯᠭ᠎ᠠ ᠲᠠᠢ ᠡᠭᠦᠷᠭᠡ ᠪᠠᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠪᠡᠶᠡᠯᠡᠭᠦᠯᠵᠦ᠂ ︽ᠬᠤᠶᠠᠷ ᠶᠡᠭᠡ ᠶᠠᠪᠤᠳᠠᠯ︾ ᠳᠤ ᠦᠢᠯᠡᠴᠢᠯᠡᠭᠡ ᠪᠠᠳᠤᠯᠠᠭ᠎ᠠ ᠬᠠᠩᠭᠠᠨ᠂ ᠬᠢᠯᠢ ᠬᠢᠵᠠᠭᠠᠷ ᠤᠨ ᠵᠢᠱᠢᠶ᠎ᠡ ᠦᠵᠡᠭᠦᠯᠬᠦ ᠬᠤᠰᠢᠭᠤ ᠶᠢ ᠴᠣᠭᠴᠠᠯᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠤᠯᠤᠰ ᠲᠥᠷᠥ ᠬᠠᠤᠯᠢ ᠴᠠᠭᠠᠵᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠢᠯᠡᠳᠲᠡ ᠠᠮᠵᠢᠯᠲᠠ ᠣᠯᠤᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃    ᠬᠤᠷᠠᠯ ᠠᠴᠠ᠂ 2025 ᠣᠨ ᠳᠤ᠂ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠬᠢᠨ ᠨᠠᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢᠭᠦᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠦᠷᠢᠮ︾ ᠢ ᠴᠢᠩᠭ᠎ᠠ ᠬᠡᠷᠡᠭᠵᠢᠭᠦᠯᠵᠦ᠂ ᠠᠷᠭ᠎ᠠ ᠬᠡᠮᠵᠢᠶ᠎ᠡ ᠶᠢ ᠵᠤᠷᠪᠤᠰ ᠳᠠᠷᠠᠭᠠᠯᠠᠨ ᠡᠮᠬᠢᠯᠡᠵᠦ ᠨᠠᠷᠢᠯᠢᠬᠵᠢᠭᠤᠯᠬᠤ ᠬᠡᠷᠡᠭᠲᠡᠶ᠃ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠪᠠᠷ ᠭᠤᠤᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ︽ᠵᠢᠷᠭᠤᠭᠠᠨ ᠢᠨᠵᠧᠨᠧᠷᠢᠩ︾ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠥᠬᠦ ᠬᠦᠴᠦᠨ ᠢᠶᠠᠷ ᠢᠶᠠᠨ ᠦᠢᠯᠡᠴᠢᠯᠡᠵᠦ ᠪᠠᠲᠤᠯᠠᠬᠤ ᠬᠡᠷᠡᠭᠲᠡᠶ᠃ ᠠᠮᠤᠷ ᠠᠮᠤᠭᠤᠯᠠᠩ ᠡᠮᠦᠨᠡᠳᠦ ᠬᠤᠰᠢᠭᠤ ᠪᠣᠯᠤᠨ ᠬᠠᠤᠯᠢᠵᠢᠯ ᠤᠨ ᠡᠮᠦᠨᠡᠳᠦ ᠬᠤᠰᠢᠭᠤᠨ ᠤ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭᠠᠳᠬᠠᠵᠤ᠂ ᠤᠯᠤᠰ ᠲᠦᠷᠦ ᠶᠢ ᠡᠷᠬᠢᠮᠯᠡᠬᠦ᠂ ᠬᠠᠤᠯᠢᠵᠢᠯ ᠢ ᠡᠷᠬᠢᠮᠯᠡᠬᠦ᠂ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠨ᠂ ᠤᠯᠤᠰ ᠲᠦᠷᠦ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠠᠬᠢᠭᠤᠯᠵᠤ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢ ᠵᠢᠷᠤᠮᠵᠢᠭᠤᠯᠵᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ︽ᠴᠣᠬᠢᠯᠲᠠ ᠥᠭᠬᠦ ᠂ ᠰᠡᠷᠭᠡᠶᠢᠯᠡᠬᠦ᠂ ᠬᠠᠮᠢᠶᠠᠷᠬᠤ᠂ ᠡᠵᠡᠮᠳᠡᠬᠦ᠂ ᠪᠠᠶᠢᠭᠤᠯᠬᠤ︾ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ ᠪᠥᠬᠦ ᠲᠠᠯ᠎ᠠ ᠪᠠᠷ ᠨᠠᠮ ᠴᠠᠭᠳᠠᠭ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠣᠪᠣᠷ ᠰᠤᠷᠲᠠᠯ ᠢ ᠴᠢᠩᠭᠠᠳᠬᠠᠨ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠵᠤ᠂ ᠤᠳᠤᠷᠢᠳᠤᠯᠭ᠎ᠠ ᠶᠢᠨ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠂ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠤᠬᠠᠭᠤᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠨᠠᠩ ᠥᠨᠳᠥᠷ ᠬᠢᠷᠢ ᠲᠦᠪᠰᠢᠨ ᠪᠥᠬᠦᠶ ᠠᠮᠤᠷ ᠠᠮᠤᠭᠤᠯᠠᠩ ᠡᠮᠦᠨᠡᠲᠦ ᠬᠤᠰᠢᠭᠤ᠂ ᠬᠠᠤᠯᠢᠵᠢᠯ ᠤᠨ ᠡᠮᠦᠨᠡᠲᠦ ᠬᠤᠰᠢᠭᠤ ᠶᠢ ᠴᠢᠷᠮᠠᠶᠢᠨ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠳᠡᠭᠡᠷ᠎ᠡ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠨᠠᠮ ᠣᠯᠠᠨ ᠲᠦᠮᠡᠨ ᠤ ᠠᠵᠢᠯ  ᠤᠨ ᠦᠢᠯᠡᠴᠢᠯᠡᠭᠡᠨ ᠤ ᠲᠥᠪ᠂ ᠨᠡᠳᠦᠭᠡᠷ ᠪᠠᠯᠭᠠᠰᠤ᠂ ᠤᠯᠠᠭᠠᠨᠮᠣᠳᠣ ᠰᠤᠮᠤ ᠵᠡᠷᠭᠡ 7 ᠪᠠᠶᠢᠭᠤᠯᠭ᠎ᠠ ᠨᠢᠭᠡᠴᠢ ᠲᠤᠷᠰᠢᠯᠭ᠎ᠠ ᠪᠠᠨ ᠰᠣᠯᠢᠯᠴᠠᠬᠤ ᠨᠡᠶᠢᠲᠡᠯᠢᠭ ᠶᠠᠷᠢᠶ᠎ᠠ ᠲᠠᠯᠪᠢᠪᠠ᠃    ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠴᠢᠦᠶ ᠷᠦᠢ ᠨᠢᠶᠠᠨ᠂ ᠰᠢᠬᠦᠬᠦ ᠬᠤᠷᠢᠶ᠎ᠠ ᠶᠢᠨ ᠳᠠᠷᠤᠭ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠰᠤᠮᠤ ᠰᠢᠶᠠᠩ ᠪᠠᠯᠭᠠᠰᠤ ︵ᠲᠥᠪ︶ ᠶᠢᠨ ᠭᠤᠤᠯ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号