| 3 ᠰᠠᠷ᠎ᠠ ᠶᠢᠨ 11 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ | ᠳᠠᠷᠤᠭ᠎ᠠ ᠢᠦᠶ ᠵᠢᠶ ᠱᠦᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠰᠢᠨᠵᠢᠯᠡᠨ ᠪᠠᠶᠢᠴᠠᠭᠠᠵᠠᠢ᠃ | ᠢᠦᠶ ᠵᠢᠶ ᠱᠦᠨ ᠤᠷᠢᠳ ᠬᠤᠵᠢᠳ ᠬᠢᠩᠭᠠᠨ ᠤ ᠳ᠋ᠧ ᠺᠠᠩ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ | ᠺᠣᠮᠫᠠᠨᠢ᠂ ᠥᠪᠥᠷ ᠮᠣᠩᠭᠤᠯ ᠤᠨ ᠾᠧ ᠹᠧᠩ ᠲᠠᠷᠢᠶᠠᠯᠠᠩ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠠᠭᠤᠷᠢᠨ | ᠭᠠᠵᠠᠷ ᠲᠤ ᠬᠦᠷᠴᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ᠂ ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ ᠶᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ | ᠰᠤᠳᠤᠯᠵᠤ ᠬᠢᠨᠠᠨ ᠵᠢᠯᠣᠭᠤᠳᠪᠠ᠃ | ᠢᠦᠢ ᠵᠢᠢ ᠱᠦᠨ ᠴᠢᠩᠭᠠᠳᠬᠠᠬᠰᠠᠨ ᠨᠢ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠵᠠᠩᠭᠢᠯᠠᠭ᠎ᠠ ᠨᠢ | ᠠᠵᠤ ᠠᠬᠤᠶᠢᠯᠠᠯ ᠢ ᠢᠯᠡᠭᠦᠬᠡᠨ ᠡᠷᠬᠢᠯᠡᠬᠦ ᠳᠤ ᠪᠤᠢ᠂ ᠤᠳᠤ ᠶᠢᠨ ᠪᠠᠶᠢᠭ᠎ᠠ ᠠᠵᠤ ᠦᠢᠯᠡᠰ ᠤᠨ ᠬᠥᠭᠵᠢᠯᠲᠡ ᠶᠢᠨ | ᠰᠠᠭᠤᠷᠢ ᠪᠣᠯᠤᠨ ᠴᠢᠭᠯᠡᠯ ᠲᠠᠢ ᠤᠶᠠᠯᠳᠤᠭᠤᠯᠵᠤ᠂ ᠭᠠᠵᠠᠷ ᠣᠷᠣᠨ ᠤ ᠣᠨᠴᠠᠯᠢᠭ ᠲᠠᠢ ᠠᠵᠤ ᠠᠬᠤᠶᠢᠯᠠᠯ ᠳᠤ ᠠᠰᠢᠭ | ᠬᠦᠷᠲᠡᠭᠡᠵᠦ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠲᠣᠭᠲᠠᠭᠠᠨ ᠨᠡᠶᠢᠲᠡᠯᠡᠵᠦ᠂ ᠨᠡᠩ ᠤᠯᠠᠨ ᠠᠵᠤ | ᠠᠬᠤᠶᠢᠯᠠᠯ ᠢ ᠲᠠᠲᠠᠵᠤ ᠪᠠᠶᠢᠭᠠᠳ ᠬᠢᠩᠭᠠᠨ ᠠᠶᠢᠮᠠᠭ ᠲᠤ ᠨᠤᠳᠤᠭᠰᠢᠭᠤᠯᠬᠤ ᠬᠡᠷᠡᠭᠲᠡᠢ᠃ ᠠᠵᠤ ᠠᠬᠤᠶᠢᠯᠠᠯ ᠤᠨ | ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ | ᠥᠪᠡᠷ ᠤᠨ ᠦᠷᠳᠡᠭ ᠥᠨᠳᠥᠷ᠂ ᠠᠵᠢᠯᠴᠢᠨ ᠡᠯᠰᠡᠵᠦ ᠬᠡᠷᠡᠭᠯᠡᠬᠦ ᠳᠤ ᠬᠦᠴᠢᠷ᠂ ᠠᠰᠢᠭ ᠲᠤᠰᠠ ᠶᠢᠨ ᠬᠤᠯᠪᠣᠭᠠᠨ ᠤ | ᠲᠣᠭᠲᠠᠴᠠ ᠪᠦᠷᠢᠨ ᠪᠤᠰᠤ ᠵᠡᠷᠭᠡ ᠪᠣᠳᠠᠲᠠᠢ ᠠᠰᠠᠭᠤᠳᠠᠯ ᠢ ᠰᠡᠳᠭᠢᠯ ᠲᠠᠯᠪᠢᠨ ᠬᠦᠴᠦ ᠣᠷᠣᠭᠤᠯᠤᠨ ᠰᠢᠢᠳᠪᠦᠷᠢᠯᠡᠵᠦ | ᠥᠭᠬᠦ ᠬᠡᠷᠡᠭᠲᠡᠢ᠃ ᠤᠯᠠᠮᠵᠢᠯᠠᠯᠲᠤ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠦᠭᠵᠢᠭᠦᠯᠦᠨ᠂ ᠠᠵᠤ ᠠᠬᠤᠶᠢᠯᠠᠯ ᠤᠨ ᠶᠠᠰᠤ ᠴᠢᠨᠠᠷ᠂ ᠦᠷ᠎ᠡ ᠠᠰᠢᠭ ᠪᠠ ᠭᠤᠣᠯᠯᠠᠬᠤ ᠥᠷᠢᠰᠥᠯᠳᠦᠬᠦ ᠬᠦᠴᠦᠨ ᠢ | ᠲᠠᠰᠤᠷᠠᠯᠳᠠ ᠦᠭᠡᠢ ᠳᠡᠭᠡᠭᠰᠢᠯᠡᠭᠦᠯᠬᠦ ᠶᠢ ᠳᠡᠮᠵᠢᠬᠦ ᠬᠡᠷᠡᠭᠲᠡᠶ᠃ ᠲᠠᠷᠢᠶᠠᠯᠠᠩ ᠤᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠲᠠᠷᠢᠮᠠᠯ ᠤᠨ ᠪᠦᠲᠦᠴᠡ ᠶᠢ ᠲᠣᠬᠢᠷᠠᠭᠤᠯᠤᠨ᠂ ᠠᠵᠤ ᠦᠢᠯᠡᠰ ᠤᠨ ᠬᠡᠯᠬᠢᠶ᠎ᠡ ᠶᠢ ᠰᠠᠭᠠᠳ ᠦᠭᠡᠢ | ᠨᠡᠪᠲᠡᠷᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠪᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠦᠬᠦ | ᠬᠦᠴᠦᠨ ᠢᠶᠠᠷ ᠢᠶᠠᠨ ᠪᠠᠲᠤᠯᠠᠵᠤ᠂ ᠣᠳᠣᠬᠢᠴᠢᠯᠠᠭᠰᠠᠨ ᠲᠤᠮᠤ ᠲᠠᠷᠢᠶᠠᠯᠠᠩ ᠤᠨ ᠲᠠᠯ᠎ᠠ ᠪᠠᠷ ᠰᠢᠨ᠎ᠡ | ᠰᠢᠪᠲᠤᠯᠤᠯᠲᠠ ᠲᠠᠢ ᠪᠣᠯᠬᠤ ᠪᠠᠷ ᠴᠢᠷᠮᠠᠶᠢᠬᠤ ᠬᠡᠷᠡᠭᠲᠡᠶ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠪᠠ ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠢ ᠠᠭᠤᠰᠤᠯᠴᠠᠭᠤᠯᠵᠤ᠂ ᠵᠠᠬ᠎ᠠ ᠳᠡᠯᠭᠡᠭᠦᠷ ᠤᠨ ᠪᠣᠳᠠᠲᠠᠢ | ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠲᠤᠮᠤ ᠳ᠋ᠠᠶᠢᠲ᠋ᠠ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ | ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠ ᠰᠤᠯᠠ ᠠᠵᠢᠯ ᠤᠨ ᠪᠠᠶᠢᠷᠢ ᠶᠢᠨ ᠬᠠᠩᠭᠠᠯᠭ᠎ᠠ ᠶᠢ ᠤᠨᠢᠨ ᠳᠡᠭᠡᠷ᠎ᠡ ᠨᠢ | ᠵᠣᠯᠭᠠᠭᠤᠯᠬᠤ ᠶᠢ ᠠᠬᠢᠭᠤᠯᠬᠤ ᠬᠡᠷᠡᠭᠲᠡᠢ ᠭᠡᠪᠡ᠃ | ᠠᠶᠢᠮᠠᠭ ᠤᠨ ᠤᠳᠤᠷᠢᠳᠤᠯᠭ᠎ᠠ ᠰᠦᠨ ᠱᠦ ᠲᠤᠤ ᠰᠢᠨᠵᠢᠯᠡᠨ ᠪᠠᠶᠢᠴᠠᠭᠠᠯᠳᠠ ᠳᠤ ᠣᠷᠣᠯᠴᠠᠪᠠ᠃ ︵ᠯᠢ ᠤᠭ᠍ᠶᠦ | ᠵᠠᠩ ᠴᠢᠶᠠᠩ︶ |