| ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠠᠴᠠ ᠬᠦᠳᠡᠭᠡ ᠠᠵᠤ ᠠᠬᠤᠢ ᠬᠥᠳᠡᠭᠡ ᠲᠣᠰᠬᠤᠨ | ᠮᠠᠯᠴᠢᠨ ᠲᠠᠷᠢᠶᠠᠴᠢᠨ ᠢ ᠬᠠᠮᠢᠶᠠᠷᠴᠤ 9 ᠵᠦᠢᠯ ᠤᠨ ᠠᠷᠭ᠎ᠠ ᠬᠡᠮᠵᠢᠶ᠎ᠡ ᠶᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠠᠵᠢᠯ ᠢ ᠲᠦᠷᠭᠡᠨ ᠨᠠᠶᠢᠳᠠᠪᠤᠷᠢᠵᠢᠭᠤᠯᠬᠤ ᠶᠢᠨ ᠲᠥᠯᠥᠭᠡ᠂ 3 ᠰᠠᠷ᠎ᠠ ᠶᠢᠨ 9 ᠤ ᠡᠳᠦᠷ ᠠᠴᠠ | 12 ᠤᠨ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ | ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠸᠠᠩ ᡁᠢ ᠪᠢᠶᠤᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠢ ᠳᠠᠭᠠᠭᠤᠯᠤᠨ᠂ 14 ᠰᠤᠮᠤ ᠰᠢᠶᠠᠩ ᠪᠠᠯᠭᠠᠰᠤ ᠪᠠ ᠯᠢᠦᠢ ᠱᠦᠢ ᠦᠷ᠎ᠡ ᠶᠢᠨ ᠮᠠᠯ | ᠦᠷᠡᠵᠢᠭᠦᠯᠦᠨ ᠪᠤᠶᠢᠵᠢᠭᠤᠯᠬᠤ ᠲᠥᠪ ᠢᠶᠠᠷ ᠭᠦᠨᠵᠡᠭᠡᠶᠢᠷᠡᠵᠦ᠂ ᠲᠠᠷᠢᠶᠠᠯᠠᠩ ᠮᠠᠯ ᠠᠵᠤ ᠠᠬᠤᠶ ᠶᠢᠨ | ᠭᠤᠤᠯᠳᠠᠯᠭ᠎ᠠ ᠲᠠᠢ ᠠᠵᠢᠯ ᠵᠢᠴᠢ ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠪᠠᠶᠢᠭᠤᠯᠤᠮᠵᠢ ᠶᠢᠨ | ᠪᠠᠶᠢᠭᠤᠯᠤᠯᠲᠠ᠂ ᠥᠭᠡᠷᠡᠴᠢᠯᠡᠯᠲᠡ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ | ᠬᠦᠷᠦᠭᠰᠡᠨ ᠭᠠᠵᠠᠷ ᠪᠣᠯᠭᠠᠨ ᠳᠤ ᠸᠠᠩ ᡁᠢ ᠪᠢᠶᠤᠤ ᠨᠠᠷ ᠡᠯ᠎ᠡ ᠭᠠᠵᠠᠷ ᠤᠨ ᠲᠠᠬᠢᠨ ᠶᠠᠳᠠᠭᠤᠷᠠᠬᠤ ᠶᠢ | ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ᠂ 2012 — 2024 ᠣᠨ ᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠲᠦᠷᠦᠯ ᠵᠦᠢᠯ ᠪᠣᠯᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ︽ᠡᠷᠬᠢᠨ ᠬᠠᠷᠠᠬᠤ︾ ᠠᠵᠢᠯ᠂ 2025 ᠣᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠲᠥᠯᠥᠪᠵᠢᠭᠦᠯᠭᠡ᠂ ᠪᠡᠭᠡᠵᠢᠩ ᠥᠪᠥᠷ | ᠮᠣᠩᠭᠤᠯ ᠤᠨ ᠬᠠᠪᠰᠤᠷᠤᠨ ᠲᠡᠳᠬᠦᠬᠦ ᠠᠵᠢᠯ ᠤᠨ ᠲᠥᠯᠥᠪᠯᠡᠭᠡ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠠᠬᠢᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠲᠦᠷᠪᠡᠨ ᠵᠦᠢᠯ ᠤᠨ ᠭᠤᠣᠯᠳᠠᠯᠭ᠎ᠠ ᠲᠠᠢ ᠠᠵᠢᠯ᠂ ᠬᠦᠷᠢᠶ᠎ᠡ | ᠬᠠᠰᠢᠶᠠᠨ ᠤ ᠠᠵᠤ ᠠᠬᠤᠢ ᠵᠡᠷᠭᠡ ᠤᠯᠠᠨ ᠲᠠᠯ᠎ᠠ ᠶᠢᠨ ᠮᠠᠯ ᠠᠵᠤ ᠠᠬᠤᠢ ᠲᠠᠷᠢᠶᠠᠯᠠᠩ ᠤᠨ ᠭᠤᠣᠯᠳᠠᠯᠭ᠎ᠠ ᠲᠠᠢ | ᠠᠵᠢᠯ ᠤᠨ ᠲᠥᠯᠥᠪᠯᠡᠭᠡ ᠪᠣᠯᠤᠨ ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠬᠤᠰᠢᠭᠤᠨ ᠤ ᠰᠢᠭᠤᠳ | ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠨᠢ ᠲᠣᠰ ᠲᠣᠰ ᠤᠨ ᠬᠤᠪᠢᠳᠠᠨ ᠬᠠᠮᠢᠶᠠᠷᠴᠤ ᠪᠥᠬᠦᠶ ᠬᠦᠷᠢᠶ᠎ᠡ | ᠴᠠᠷᠠᠭ᠎ᠠ ᠶᠢᠨ ᠠᠵᠢᠯ ᠢᠶᠠᠨ ᠡᠮᠬᠢᠯᠡᠵᠦ ᠳᠢᠭᠯᠡᠬᠦ ᠶᠢᠨ ᠬᠠᠮᠲᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ | ᠠᠰᠠᠭᠤᠳᠠᠯ ᠳᠤ ᠰᠤᠳᠤᠯᠤᠯᠲᠠ ᠬᠢᠪᠡ᠃ | ︽ᠬᠤᠷᠴᠢᠨ ᠪᠠᠯᠭᠠᠰᠤ ᠶᠢᠨ ᠬᠢᠨ ︿ᠨᠢᠭᠡ ᠰᠢᠷᠡᠭᠡ ᠬᠥᠳᠡᠭᠡ ᠠᠶᠢᠯ ᠤᠨ ᠨᠣᠭᠤᠭ᠎ᠠ᠂ ᠨᠢᠭᠡ ᠲᠣᠭᠤᠭ᠎ᠠ | ᠨᠤᠲᠤᠭ ᠤᠨ ᠰᠡᠳᠭᠢᠯᠭᠡ﹀ ᠭᠡᠬᠦ ᠨᠠᠷᠠᠲᠤ ᠲᠡᠮᠳᠡᠭ ᠤᠨ ᠲᠥᠯᠥᠪᠯᠡᠭᠡ ᠶᠢ ᠬᠡᠷᠡᠭᠵᠢᠭᠦᠯᠵᠦ᠂ ᠭᠠᠴᠠᠭ᠎ᠠ ᠲᠣᠰᠬᠤᠨ ᠤ | ᠲᠠᠷᠢᠮᠠᠯ ᠤᠨ ᠬᠦᠯᠡᠮᠵᠢ᠂ ᠪᠣᠬᠢᠷᠲᠤᠯ ᠥᠬᠡᠶ ᠵᠢᠮᠢᠰ ᠨᠣᠭᠤᠭ᠎ᠠ᠂ ᠲᠠᠷᠢᠶᠠᠴᠢᠨ ᠠᠶᠢᠯ ᠤᠨ ᠢᠳᠡᠭᠡᠨ ᠤᠮᠳᠠᠭᠠᠨ | ᠬᠠᠩᠭᠠᠬᠤ ᠲᠠᠢ ᠤᠶᠠᠯᠳᠤᠭᠤᠯᠤᠨ᠂ ︿ᠭᠤᠤᠯ ᠲᠣᠭᠤᠭᠠᠨ ᠬᠡᠷ + ᠲᠠᠷᠢᠶᠠᠴᠢᠨ ᠡᠷᠦᠬᠡ﹀ ᠶᠢᠨ ᠵᠠᠭᠪᠤᠷ ᠢᠶᠠᠷ | ᠳᠠᠮᠵᠢᠭᠤᠯᠤᠨ᠂ ᠣᠯᠠᠨ ᠲᠦᠮᠡᠨ ᠢ ᠳᠠᠶᠢᠴᠢᠯᠠᠨ ᠬᠦᠷᠢᠶ᠎ᠡ ᠬᠠᠰᠢᠶᠠᠨ ᠤ ᠠᠵᠤ ᠠᠬᠤᠶ ᠶᠢ ᠬᠥᠭᠵᠢᠭᠦᠯᠵᠦ᠂ ︿ | ᠡᠮᠦᠨ᠎ᠡ ᠨᠢ ᠳᠡᠯᠭᠡᠭᠦᠷ ᠬᠤᠶᠢᠨ᠎ᠠ ᠨᠢ ᠦᠢᠯᠡᠳᠪᠤᠷᠢ﹀ ᠶᠢᠨ ᠡᠵᠡᠩᠨᠡᠯᠲᠡ ᠶᠢᠨ ᠵᠠᠭᠪᠤᠷ ᠢ ᠰᠦᠪᠡᠭᠴᠢᠯᠡᠨ ᠪᠡᠶᠡᠯᠡᠭᠦᠯᠪᠡ | ︾ ︽2025 ᠣᠨ ᠳᠤ ᠴᠠᠷᠠᠰᠤᠨ ᠪᠠᠯᠭᠠᠰᠤ ︿ᠨᠢᠭᠡ ᠭᠠᠴᠠᠭ᠎ᠠ ᠲᠣᠰᠬᠤᠨ ᠨᠢᠭᠡ ᠦᠢᠯᠡᠳᠭᠦᠨ﹀ ᠤ ᠵᠠᠭᠪᠤᠷ ᠢᠶᠠᠷ | ᠬᠦᠷᠢᠶ᠎ᠡ ᠬᠠᠰᠢᠶᠠᠨ ᠤ ᠠᠵᠤ ᠠᠬᠤᠶ ᠶᠢ ᠥᠷᠨᠢᠭᠦᠯᠵᠦ᠂ ᠬᠦᠷᠢᠶ᠎ᠡ ᠬᠠᠰᠢᠶᠠᠨ ᠤ ᠵᠥᠭᠡᠯᠡᠨ ᠴᠢᠪᠠᠭ᠎ᠠ ᠲᠣᠰᠢᠯᠤᠭ ᠢ | ᠤᠷᠭᠤᠭᠤᠯᠬᠤ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠮᠣᠳᠣᠨ ᠤ ᠳᠣᠤᠷ᠎ᠠ ᠯᠠᠵᠤᠤ ᠳᠠᠷᠢᠵᠤ᠂ ᠵᠠᠬᠢᠶᠠᠯᠠᠭ᠎ᠠ ᠶᠢᠨ | ᠬᠠᠭᠤᠳᠠᠰᠤ ᠪᠠᠷ ᠬᠤᠷᠢᠶᠠᠨ ᠠᠪᠬᠤ ᠪᠠᠷ ᠳᠠᠮᠵᠢᠭᠤᠯᠤᠨ ᠢᠳᠡᠰᠢᠨ ᠨᠣᠭᠤᠭ᠎ᠠ ᠶᠢᠨ ᠪᠣᠷᠣᠯᠠᠭᠤᠯᠭ᠎ᠠ ᠶᠢ ᠦᠨᠡᠨ ᠬᠦ | ᠪᠠᠲᠤᠯᠠᠪᠠ︾ ︽ᠳᠡᠪᠰᠡᠭ ᠪᠠᠯᠭᠠᠰᠤ ︿ᠨᠢᠭᠡ ᠪᠦᠯᠦᠭ ᠢ ᠪᠠᠬᠢᠵᠢᠭᠦᠯᠬᠦ᠂ ᠨᠢᠭᠡ ᠪᠦᠯᠦᠭ ᠢ ᠲᠡᠰ ᠳᠡᠪᠰᠢᠭᠦᠯᠬᠦ᠂ ᠨᠢᠭᠡ | ᠪᠦᠯᠦᠭ ᠢ ᠠᠮᠢᠳᠤᠯᠢᠭ ᠪᠣᠯᠭᠠᠬᠤ᠂ ᠨᠢᠭᠡ ᠪᠦᠯᠦᠭ ᠢ ᠲᠤᠬᠢᠷᠠᠭᠤᠯᠬᠤ﹀ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ | ᠶᠣᠰᠣᠭᠠᠷ᠂ ᠬᠠᠮᠲᠤ ᠶᠢᠨ ᠲᠡᠵᠢᠭᠡᠨ ᠦᠷᠡᠵᠢᠭᠦᠯᠬᠦ ᠲᠠᠯᠠᠪᠠᠢ ᠶᠢ ᠠᠮᠢᠳᠤᠯᠢᠭ ᠪᠣᠯᠭᠠᠵᠤ᠂ ᠡᠭᠦᠯᠳᠡᠷ ᠤᠨ ᠭᠠᠯᠠᠭᠤ | ᠨᠡᠪᠴᠢᠭᠦᠯᠬᠦ ᠰᠠᠭᠤᠷᠢᠨ ᠢ ᠪᠠᠶᠢᠭᠤᠯᠵᠤ᠂ ᠨᠡᠪᠴᠢᠭᠦᠯᠬᠦ᠂ ᠲᠡᠵᠢᠭᠡᠨ ᠦᠷᠡᠵᠢᠭᠦᠯᠬᠦ᠂ ᠨᠢᠲᠤᠯᠬᠤ᠂ ᠦᠢᠯᠡᠳᠪᠦᠷᠢᠯᠡᠵᠦ | ᠡᠳ᠋ᠰᠢᠭᠦᠯᠬᠦ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠪᠡ︾ ᠁ ᠲᠤᠰ ᠭᠠᠵᠠᠷ ᠤᠨ | ᠣᠨᠴᠠᠯᠢᠭ ᠲᠠᠢ ᠲᠦᠷᠦᠯ ᠵᠦᠢᠯ ᠤᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠰᠢᠨ᠎ᠡ ᠨᠢᠭᠡ | ᠵᠢᠯ ᠤᠨ ᠲᠡᠮᠡᠴᠡᠯ ᠤᠨ ᠬᠠᠭᠤᠳᠠᠰᠤ ᠶᠢ ᠰᠡᠬᠦᠪᠡ᠃ | ᠪᠠᠶᠢᠴᠠᠭᠠᠨ ᠰᠤᠳᠤᠯᠤᠯᠲᠠ ᠳᠤ᠂ ᠸᠠᠩ ᡁᠢ ᠪᠢᠶᠤᠤ᠂ ᠲᠣᠰ ᠤᠳᠠᠭ᠎ᠠ ᠡᠯ᠎ᠡ ᠰᠠᠯᠠᠭ᠎ᠠ ᠮᠥᠴᠢᠷ ᠤᠨ | ᠠᠵᠢᠯᠲᠠᠨ ᠢᠶᠠᠷ ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠭᠤᠯᠵᠤ ᠲᠤᠬᠠᠶ ᠶᠢᠨ ᠭᠠᠵᠠᠷ ᠲᠤᠨᠢ ᠵᠢᠭᠠᠨ | ᠵᠢᠯᠤᠭᠤᠳᠤᠭᠰᠠᠨ ᠨᠢ ᠦᠨᠳᠦᠰᠦᠨ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠳᠠᠷᠤᠭᠠᠰᠤ ᠶᠢ ᠬᠥᠩᠭᠡᠯᠡᠬᠦ ᠶᠢᠨ | ᠲᠥᠯᠥᠭᠡ ᠶᠤᠮ᠂ ︽ᠪᠠᠶᠢᠴᠠᠭᠠᠨ ᠰᠤᠳᠤᠯᠵᠦ ᠵᠢᠭᠠᠨ ᠵᠢᠯᠣᠭᠤᠳᠬᠤ + ᠬᠥᠳᠡᠯᠦᠩᠭᠦᠶ ᠬᠢᠨᠠᠨ ᠬᠡᠮᠵᠢᠯᠲᠡ + | ᠴᠡᠭᠴᠡᠯᠡᠨ ᠰᠠᠶᠢᠵᠢᠷᠠᠭᠤᠯᠬᠤ︾ ᠠᠵᠢᠯ ᠤᠨ ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠤᠨ᠂ ᠣᠨ ᠤ ᠬᠢᠨᠠᠨ | ᠰᠢᠯᠭᠠᠯᠲᠠ ᠶᠢ ᠰᠠᠷ᠎ᠠ ᠶᠢᠨ ᠮᠡᠳᠡᠭᠦᠯᠦᠯᠲᠡ ᠶᠢᠨ ᠬᠠᠮᠢᠶᠠᠷᠤᠯᠲᠠ ᠪᠣᠯᠭᠠᠨ ᠬᠤᠪᠢᠷᠠᠭᠤᠯᠵᠤ᠂ ︽ᠪᠤᠷᠤᠭᠤ ᠪᠠᠨ | ᠵᠠᠯᠠᠷᠠᠭᠤᠯᠪᠠᠯ ᠳᠠᠷᠤᠶ ᠥᠭᠡᠷᠡᠴᠢᠯᠡᠯᠲᠡ ᠬᠢᠬᠦ︾ ᠣᠶᠢᠯᠠᠭᠠᠭᠳᠠᠬᠤᠨ ᠢᠶᠠᠷ ᠬᠠᠷᠢᠭᠤᠴᠠᠯᠭ᠎ᠠ ᠶᠢᠨ ᠬᠡᠯᠬᠢᠶ᠎ᠡ ᠶᠢ ᠳᠠᠬᠢᠨ | ᠴᠣᠭᠴᠠᠯᠠᠬᠤ ᠶᠢᠨ ᠲᠥᠯᠥᠭᠡ ᠶᠤᠮ ᠭᠡᠵᠡᠶ᠃ ᠲᠡᠷᠡ᠂ ᠲᠠᠷᠢᠶᠠᠯᠠᠩ ᠮᠠᠯ ᠠᠵᠤ ᠠᠬᠤᠶ ᠶᠢᠨ ᠡᠯ᠎ᠡ ᠵᠦᠢᠯ ᠤᠨ | ᠭᠤᠣᠯᠳᠠᠯᠭ᠎ᠠ ᠲᠠᠢ ᠠᠵᠢᠯ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ | ᠬᠡᠷᠡᠭᠵᠢᠭᠦᠯᠦᠯᠲᠡ ᠳᠤ ᠬᠤᠯᠪᠣᠭᠳᠠᠵᠤ᠂ ᠮᠠᠯᠴᠢᠨ ᠲᠠᠷᠢᠶᠠᠴᠢᠨ ᠤ ᠲᠣᠰ ᠪᠡᠶ᠎ᠡ ᠶᠢᠨ ᠠᠰᠢᠭ ᠲᠤᠰᠠ ᠳᠤ | ᠬᠤᠯᠪᠣᠭᠳᠠᠨ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤ ︵ᠲᠥᠪ︶ ᠨᠢ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠴᠢᠬᠤᠯᠠ ᠴᠢᠨᠠᠷ | ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ | ᠲᠣᠳᠣᠷᠬᠠᠶᠢᠯᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠠᠯᠠᠭ᠎ᠠ ᠮᠥᠴᠢᠷ ᠤᠨ | ᠬᠤᠭᠤᠷᠣᠨᠳᠣᠬᠢ ᠬᠠᠮᠵᠢᠯᠴᠠᠭ᠎ᠠ ᠪᠠᠨ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ | ᠲᠠᠷᠢᠶᠠᠯᠠᠩ ᠮᠠᠯ ᠠᠵᠤ ᠠᠬᠤᠶ ᠶᠢᠨ ᠡᠯ᠎ᠡ ᠵᠦᠢᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠬᠠᠮᠲᠤᠪᠠᠷ | ᠳᠥᠯᠭᠢᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠸᠠᠩ ᡁᠢ ᠪᠢᠶᠤᠤ᠂ ᠡᠯ᠎ᠡ ᠰᠤᠮᠤ ᠰᠢᠶᠠᠩ ᠪᠠᠯᠭᠠᠰᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ | ᠬᠠᠪᠰᠤᠷᠤᠨ ᠲᠡᠳᠬᠦᠬᠦ ᠠᠵᠢᠯ ᠳᠤ᠂ ᠲᠤᠮᠤ ᠳ᠋ᠠᠶᠢᠲ᠋ᠠ ᠶᠢᠨ ᠲᠠᠪᠴᠠᠩ ᠢᠶᠠᠷ ᠶᠠᠳᠠᠭᠤ ᠠᠴᠠ ᠠᠩᠭᠢᠵᠢᠷᠠᠭᠰᠠᠨ | ᠡᠷᠦᠬᠡ ᠶᠢᠨ ᠣᠷᠣᠯᠭ᠎ᠠ ᠶᠢᠨ ᠬᠤᠪᠢᠷᠠᠯᠲᠠ ᠶᠢ ᠬᠥᠳᠡᠯᠦᠩᠭᠦᠢ ᠬᠢᠨᠠᠨ ᠬᠡᠮᠵᠢᠵᠦ᠂ ᠬᠠᠪᠰᠤᠷᠤᠨ ᠲᠡᠳᠬᠦᠬᠦ ᠠᠷᠭ᠎ᠠ | ᠬᠡᠮᠵᠢᠶ᠎ᠡ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠦᠷᠦᠯ ᠵᠦᠢᠯ ᠢ ᠠᠬᠢᠭᠤᠯᠬᠤ ᠶᠠᠪᠤᠴᠠ ᠳᠤ᠂ 2025 ᠣᠨ ᠤ ᠲᠦᠷᠦᠯ ᠵᠦᠢᠯ ᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ | ᠤᠯᠬᠤ ᠶᠢ ᠪᠠᠲᠤᠯᠠᠬᠤ ᠬᠡᠷᠡᠭᠲᠡᠢ᠃ ᠪᠡᠭᠡᠵᠢᠩ ᠥᠪᠥᠷ ᠮᠣᠩᠭᠤᠯ ᠢ ᠬᠠᠪᠰᠤᠷᠤᠨ ᠲᠡᠳᠬᠦᠬᠦ ᠠᠵᠢᠯ ᠳᠤ᠂ ︽ᠪᠠᠯᠭᠠᠰᠤ | ᠪᠠᠯᠭᠠᠰᠤ ᠬᠤᠤᠰᠯᠠᠬᠤ᠂ ᠰᠤᠮᠤ ᠰᠢᠶᠠᠩ ᠬᠠᠮᠲᠤ ᠪᠠᠷ ᠪᠠᠶᠢᠭᠤᠯᠬᠤ᠂ ᠭᠠᠴᠠᠭ᠎ᠠ ᠲᠤᠰᠬᠤᠨ ᠬᠤᠯᠪᠣᠭᠠᠯᠠᠨ | ᠬᠥᠳᠡᠯᠦᠯᠴᠡᠬᠦ︾ ᠭᠤᠷᠪᠠᠨ ᠱᠠᠲᠤ ᠶᠢ ᠵᠣᠯᠭᠠᠭᠤᠯᠬᠤ ᠲᠣᠤᠷ ᠰᠦᠯᠵᠢᠶ᠎ᠡ ᠶᠢ ᠲᠦᠷᠭᠡᠳᠬᠡᠨ ᠪᠠᠶᠢᠭᠤᠯᠵᠤ᠂ | ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠡᠢ᠃ | ᠬᠦᠷᠢᠶ᠎ᠡ ᠬᠠᠰᠢᠶᠠᠨ ᠤ ᠠᠵᠤ ᠠᠬᠤᠶ ᠶᠢᠨ ᠬᠥᠭᠵᠢᠯᠲᠡ ᠶᠢᠨ ᠳᠤᠮᠳᠠ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠳᠣᠭᠢᠷᠠᠭᠤᠯᠤᠨ᠂ ᠣᠲᠣ ᠶᠢᠨ ᠪᠠᠶᠢᠭ᠎ᠠ ᠡᠬᠢ ᠪᠠᠶᠠᠯᠢᠭ ᠢ ᠠᠮᠢᠳᠤᠯᠢᠭ ᠪᠣᠯᠭᠠᠵᠤ᠂ ᠲᠣᠰ ᠭᠠᠵᠠᠷ | ᠣᠷᠣᠨ ᠤ ᠣᠨᠴᠠᠯᠢᠭ ᠲᠠᠢ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠣᠯᠠᠨ ᠲᠦᠮᠡᠨ ᠤ ᠣᠷᠣᠯᠭ᠎ᠠ ᠪᠠᠨ | ᠨᠡᠮᠡᠭᠳᠡᠭᠦᠯᠦᠨ ᠪᠠᠶᠠᠵᠢᠬᠤ ᠳᠤ ᠬᠦᠴᠦᠨ ᠨᠡᠮᠡᠷᠢᠯᠡᠬᠦ ᠬᠡᠷᠡᠭᠳᠡᠢ᠃ ᠡᠭᠦᠨ ᠤ ᠬᠠᠮᠲᠤ᠂ ᠡᠯ᠎ᠡ ᠰᠤᠮᠤ ᠰᠢᠶᠠᠩ ᠪᠠᠯᠭᠠᠰᠤ | ︽ᠳᠥᠷᠪᠡᠨ ᠨᠢᠭᠡ︾ ᠶᠢᠨ ᠠᠵᠢᠯ ᠤᠨ ᠠᠷᠭ᠎ᠠ ᠶᠢᠨ ᠬᠡᠷᠡᠭᠯᠡᠯᠲᠡ ᠶᠢ ᠴᠢᠩᠭᠠᠳᠬᠠᠵᠤ᠂ ︽ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ᠂ ᠡᠷᠬᠡ ᠬᠠᠷᠢᠭᠤᠴᠠᠯᠭ᠎ᠠ ᠶᠢ ᠵᠣᠬᠢᠴᠠᠭᠤᠯᠬᠤ᠂ ᠬᠠᠮᠵᠢᠯᠴᠠᠨ ᠪᠠᠶᠢᠯᠳᠤᠬᠤ︾ ᠪᠣᠭᠤᠮᠲᠠ | ᠰᠢᠪᠲᠤᠯᠬᠤ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ | ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠰᠢᠪᠲᠤᠯᠤᠯᠲᠠ ᠶᠢᠨ ᠴᠡᠭ ᠪᠣᠯᠭᠠᠨ ᠬᠤᠪᠢᠷᠠᠭᠤᠯᠵᠤ᠂ | ᠦᠨᠳᠦᠰᠦᠨ ᠱᠠᠲᠤᠨ ᠤ ᠵᠠᠰᠠᠯᠲᠠ ᠶᠢ ᠪᠦᠳᠦᠭᠦᠯᠢᠭ ᠮᠠᠶ᠋ᠢᠭ ᠤᠨ ᠬᠠᠮᠢᠶᠠᠷᠤᠯᠲᠠ ᠠᠴᠠ ᠨᠠᠷᠢᠯᠢᠬᠵᠢᠭᠤᠯᠤᠨ ᠵᠠᠰᠠᠬᠤ | ᠳᠠᠰᠢ ᠠᠯᠬᠤᠮ ᠠᠯᠬᠤᠮ ᠢᠶᠠᠷ ᠬᠤᠪᠢᠷᠠᠭᠤᠯᠬᠤ ᠬᠡᠷᠡᠭᠲᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠳᠤ᠂ ᠭᠠᠵᠠᠷ ᠵᠦᠶ᠂ ᠠᠭᠤᠷ ᠠᠮᠢᠰᠬᠤᠯ ᠤᠨ ᠨᠥᠬᠦᠴᠡᠯ ᠢ ᠶᠡᠷᠦᠩᠬᠡᠶᠢᠯᠡᠨ ᠪᠣᠳᠣᠯᠬᠢᠯᠠᠵᠤ | ᠂ ᠣᠯᠠᠨ ᠲᠦᠮᠡᠨ ᠤ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠨ᠂ ᠭᠠᠴᠠᠭ᠎ᠠ ᠲᠣᠰᠬᠤᠨ ᠤ ᠰᠠᠨᠠᠯ ᠢ | ᠥᠷᠭᠡᠨ ᠢᠶᠠᠷ ᠰᠣᠨᠣᠰᠴᠤ᠂ ᠲᠥᠷᠥᠯ ᠵᠦᠢᠯ ᠢ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠪᠠ ᠠᠯᠤᠰ ᠬᠡᠲᠦ ᠶᠢᠨ | ᠬᠥᠭᠵᠢᠯᠲᠡ ᠳᠤ ᠨᠡᠶᠢᠴᠡᠭᠦᠯᠬᠦ ᠶᠢ ᠦᠨᠡᠨ ᠬᠦ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠪᠠᠲᠤ ᠰᠠᠭᠤᠷᠢ ᠲᠠᠯᠪᠢᠵᠤ ᠥᠭᠬᠦ ᠬᠡᠷᠡᠭᠲᠡᠶ ᠭᠡᠵᠦ ᠴᠢᠬᠤᠯᠠᠴᠢᠯᠠᠪᠠ᠃ | ᠪᠠᠶᠢᠴᠠᠭᠠᠨ ᠰᠤᠳᠤᠯᠤᠯᠲᠠ ᠳᠤ᠂ ᠸᠠᠩ ᡁᠢ ᠪᠢᠶᠤᠤ ᠨᠠᠷ ᠪᠠᠰᠠ ᠶᠤᠸᠠᠢ ᠶᠢᠨ ᠠᠳᠤᠭᠤᠨ ᠲᠠᠯᠠᠪᠠᠢ᠂ ᠰᠣᠯᠣᠨ | ᠮᠠᠯᠵᠢᠯ ᠤᠨ ᠲᠠᠯᠠᠪᠠᠢ᠂ ᠠᠯᠳᠠᠷ ᠮᠠᠯᠵᠢᠯ ᠤᠨ ᠲᠠᠯᠠᠪᠠᠢ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠡᠯ᠎ᠡ ᠤᠯᠤᠰ ᠤᠨ | ᠡᠵᠡᠩᠨᠡᠯᠲᠡ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ︽ᠭᠤᠷᠪᠠᠨ ᠬᠠᠩᠭᠠᠯᠭ᠎ᠠ ᠨᠢᠭᠡ ᠦᠢᠯᠡᠰ︾ ᠵᠢᠴᠢ | ᠲᠤᠬᠠᠶᠢᠯᠠᠭᠰᠠᠨ ᠠᠵᠢᠯ ᠤᠨ ᠡᠭᠦᠷᠭᠡ ᠴᠢᠳᠠᠪᠬᠢ᠂ ᠬᠠᠮᠢᠶᠠᠷᠤᠯᠲᠠ ᠶᠢᠨ ᠬᠦᠷᠢᠶ᠎ᠡ᠂ ᠨᠡᠶᠢᠭᠡᠮ ᠤᠨ ᠡᠭᠦᠷᠭᠡ | ᠴᠢᠳᠠᠪᠬᠢ ᠶᠢᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠤᠯᠤᠰ ᠤᠨ | ᠡᠵᠡᠩᠨᠡᠯᠲᠡ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠪᠣᠯᠤᠨ ᠳᠠᠷᠠᠭᠠᠴᠢ ᠶᠢᠨ | ᠠᠯᠬᠤᠮ ᠤᠨ ᠥᠭᠡᠷᠡᠴᠢᠯᠡᠯᠲᠡ ᠶᠢᠨ ᠪᠠᠶᠢᠳᠠᠯ ᠤᠨ ᠲᠤᠬᠠᠢ ᠰᠠᠨᠠᠯ ᠢᠶᠠᠨ ᠰᠣᠯᠢᠯᠴᠠᠨ ᠶᠠᠷᠢᠯᠴᠠᠪᠠ᠃ ᠬᠤᠰᠢᠭᠤᠨ ᠤ | ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠤᠷᠭᠠᠨ ᠬᠥᠮᠦᠵᠢᠯ ᠤᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ | ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠠ᠃ |