| 3 ᠰᠠᠷ᠎ᠠ ᠶᠢᠨ 14 ᠤ ᠡᠳᠦᠷ᠂ ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠠᠬᠤᠶᠢᠯᠠᠯ ᠤᠨ ᠬᠤᠯᠪᠣᠭᠠᠲᠤ ᠬᠤᠷᠠᠯ ᠪᠠᠶᠢᠭᠤᠯᠤᠭᠳᠠᠬᠤ ᠶᠡᠭᠡ ᠬᠤᠷᠠᠯ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠳᠤ ᠬᠤᠷᠠᠯᠳᠤᠵᠤ᠂ ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠮᠠ ᠱᠦ ᠭᠠᠩ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠡᠯ᠎ᠡ ᠪᠦᠷᠢᠯᠳᠦᠬᠦᠨ ᠪᠠᠶᠢᠭᠤᠯᠭ᠎ᠠ | ᠨᠢᠭᠡᠴᠢ ᠶᠢᠨ ᠬᠢᠨ ᠬᠤᠷᠠᠯ ᠳᠤ ᠣᠷᠣᠯᠴᠠᠵᠠᠶ᠃ | ᠬᠤᠷᠠᠯ ᠠᠴᠠ ︽ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ | ᠬᠤᠯᠪᠣᠭᠠᠲᠤ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠮᠡᠳᠡᠭᠦᠯᠦᠯᠲᠡ︾᠂ ︽ᠬᠢᠩᠭᠠᠨ ᠠᠶᠢᠮᠠᠭ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠬᠤᠯᠪᠣᠭᠠᠲᠤ ᠬᠤᠷᠠᠯ ᠤᠨ ᠠᠩᠬᠠᠳᠤᠭᠠᠷ | ᠬᠤᠭᠤᠴᠠᠭᠠᠨ ᠤ ᠭᠡᠰᠢᠭᠦᠳ ᠤᠨ ᠶᠡᠭᠡ ᠬᠤᠷᠠᠯ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ | ᠬᠤᠷᠠᠯ ᠤᠨ ᠠᠵᠢᠯᠳᠠᠨ ᠤ ᠶᠠᠪᠤᠳᠠᠯ ᠤᠨ ᠲᠤᠬᠢᠷᠠᠭᠤᠯᠤᠯᠳᠠ ᠶᠢᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ︾᠂ | ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠬᠤᠯᠪᠣᠭᠠᠲᠤ ᠬᠤᠷᠠᠯ ᠤᠨ | ᠠᠩᠬᠠᠳᠤᠭᠠᠷ ᠬᠤᠭᠤᠴᠠᠭᠠᠨ ᠤ ᠭᠡᠰᠢᠭᠦᠳ ᠤᠨ ᠨᠡᠷᠡᠰ ᠢ ᠨᠡᠶᠢᠳᠡᠯᠡᠵᠦ᠂ ︽ᠬᠢᠩᠭᠠᠨ ᠠᠶᠢᠮᠠᠭ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠬᠤᠯᠪᠣᠭᠠᠲᠤ ᠬᠤᠷᠠᠯ ᠤᠨ ᠠᠩᠬᠠᠳᠤᠭᠠᠷ ᠬᠤᠭᠤᠴᠠᠭᠠᠨ ᠤ ᠬᠡᠷᠡᠭ | ᠡᠷᠬᠢᠯᠡᠭᠴᠢᠳ ᠤᠨ ᠬᠤᠷᠠᠯ ᠤᠨ ᠠᠩᠬᠠᠳᠤᠭᠠᠷ ᠤᠳᠠᠭ᠎ᠠ ᠶᠢᠨ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶ | ︾ ᠶᠢ ᠬᠢᠨᠠᠨ ᠵᠥᠪᠯᠡᠵᠦ ᠪᠠᠲᠤᠯᠠᠭᠠᠳ᠂ ᠯᠦ ᠰᠢᠶᠤᠤ ᠯᠢ ᠶᠢ ᠠᠩᠬᠠᠳᠤᠭᠠᠷ ᠬᠤᠭᠤᠴᠠᠭᠠᠨ ᠤ ᠬᠢᠩᠭᠠᠨ ᠠᠶᠢᠮᠠᠭ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠬᠤᠯᠪᠣᠭᠠᠲᠤ ᠬᠤᠷᠠᠯ ᠤᠨ ᠳᠠᠷᠤᠭ᠎ᠠ ᠪᠠᠷ ᠰᠣᠩᠭᠤᠪᠠ᠃ | ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠠᠬᠤᠶᠢᠯᠠᠯ ᠤᠨ ᠬᠤᠯᠪᠣᠭᠠᠲᠤ ᠬᠤᠷᠠᠯ ᠤᠨ ᠫᠠᠶᠢᠰᠠ ᠶᠢ ᠰᠡᠬᠦᠪᠡ᠃ | ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠬᠤᠯᠪᠣᠭᠠᠲᠤ ᠬᠤᠷᠠᠯ ᠤᠨ | ᠳᠠᠷᠤᠭ᠎ᠠ ᠯᠦ ᠰᠢᠶᠤᠤ ᠯᠢ᠄ ︽ᠢᠷᠡᠭᠡᠳᠦᠢ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ | ᠬᠤᠯᠪᠣᠭᠠᠳᠤ ᠬᠤᠷᠠᠯ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︿ᠵᠢᠷᠭᠤᠭ᠎ᠠ ᠶᠢ ᠳᠠᠬᠢᠨ ᠢᠶᠠᠷ | ᠨᠡᠮᠡᠭᠳᠡᠭᠦᠯᠬᠦ ᠲᠥᠯᠥᠪᠯᠡᠭᠡ﹀ ᠶᠢᠨ ᠠᠵᠠ ᠲᠣᠬᠢᠶᠠᠯ ᠢ ᠡᠵᠡᠮᠳᠡᠵᠦ ᠪᠦᠯᠬᠦᠮᠳᠡᠨ ᠬᠠᠮᠵᠢᠯᠴᠠᠵᠤ ᠴᠢᠷᠮᠠᠶᠢᠨ ᠠᠵᠢᠯᠯᠠᠨ᠎ᠠ᠃ | ᠨᠡᠶᠢᠭᠡᠮᠯᠢᠭ ᠤᠨ ᠳᠠᠷᠤᠭ᠎ᠠ ᠪᠣᠯᠤᠭᠰᠠᠨ ᠤ ᠬᠤᠪᠢ ᠳᠤ᠂ ᠪᠢ ᠪᠡᠶ᠎ᠡ ᠪᠠᠷ ᠢᠶᠠᠨ ᠬᠡᠪ ᠳᠠᠭᠤᠷᠢᠶᠠᠯ ᠦᠵᠡᠭᠦᠯᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠬᠤᠯᠪᠣᠭᠠᠳᠤ ᠬᠤᠷᠠᠯ ᠤᠨ ᠭᠡᠰᠢᠭᠦᠳ ᠢ ᠳᠠᠭᠠᠭᠤᠯᠵᠤ᠂ | ᠭᠡᠰᠢᠭᠦᠨ ᠠᠵᠤ ᠠᠬᠤᠶᠢᠯᠠᠯ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ ᠵᠣᠷᠢᠯᠲᠠ ᠶᠢ ᠪᠠᠷᠢᠮᠲᠠᠯᠠᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠬᠤᠯᠪᠣᠭᠠᠳᠤ ᠬᠤᠷᠠᠯ ᠤᠨ ᠨᠥᠯᠥᠭᠡᠯᠡᠬᠦ ᠬᠦᠴᠦᠨ ᠪᠠ | ᠨᠢᠭᠲᠠᠷᠠᠭᠤᠯᠬᠤ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠠᠬᠤᠶᠢᠯᠠᠯ ᠤᠨ ᠬᠤᠯᠪᠣᠭᠠᠳᠤ ᠬᠤᠷᠠᠯ ᠢ ᠬᠠᠮᠲᠤ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ | ᠬᠠᠯᠠᠭᠤᠨ ᠳᠤᠯᠠᠭᠠᠨ ᠲᠤᠮᠤ ᠭᠡᠷ ᠪᠦᠯᠢ ᠪᠣᠯᠭᠠᠨ ᠪᠦᠳᠦᠭᠡᠨ ᠪᠠᠶᠢᠭᠤᠯᠤᠨ᠎ᠠ︾ ᠭᠡᠵᠦ ᠬᠡᠯᠡᠪᠡ᠃ | ᠣᠶᠢᠯᠠᠭᠠᠭᠰᠠᠨ ᠢᠶᠠᠷ᠂ ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ | ᠬᠤᠯᠪᠣᠭᠠᠲᠤ ᠬᠤᠷᠠᠯ ᠨᠢ ᠣᠳᠣᠬᠠᠨ ᠳᠤ ᠨᠢᠭᠡᠨᠲᠡ ᠪᠡᠭᠡᠵᠢᠩ ᠤᠨ ᠵᠥᠩ ᠭᠤᠸᠠᠨ ᠼᠦᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠲᠠᠢ ᠬᠠᠮᠲᠤᠷᠠᠯᠴᠠᠭᠰᠠᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠬᠤᠯᠪᠣᠭᠠᠲᠤ ᠬᠤᠷᠠᠯ ᠠᠴᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ | ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢᠨ ᠠᠵᠠ ᠲᠣᠬᠢᠶᠠᠯ ᠢ ᠡᠵᠡᠮᠳᠡᠵᠦ᠂ ︽ᠬᠤᠶᠠᠷ | ᠲᠠᠪᠴᠠᠩ᠂ ᠨᠢᠭᠡ ᠰᠠᠭᠤᠷᠢ ᠮᠥᠩᠭᠦ︾ ᠪᠠᠷ ᠳᠠᠮᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠠᠬᠤᠶᠢᠯᠠᠯ ᠤᠨ ᠬᠤᠯᠪᠣᠭᠠᠳᠤ ᠬᠤᠷᠠᠯ ᠳᠤ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠡᠬᠢ ᠪᠠᠶᠠᠯᠢᠭ ᠲᠠᠢ ᠰᠣᠯᠢᠯᠴᠠᠬᠤ᠂ ᠵᠣᠯᠭᠠᠭᠤᠯᠤᠨ ᠬᠠᠮᠲᠤᠷᠠᠯᠴᠠᠬᠤ ᠪᠠ ᠬᠠᠮᠲᠤᠪᠠᠷ ᠠᠰᠢᠭ ᠬᠦᠷᠳᠡᠬᠦ | ᠬᠥᠭᠵᠢᠯᠲᠡ ᠶᠢᠨ ᠲᠠᠪᠴᠠᠩ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ | ᠬᠤᠯᠪᠣᠭᠠᠳᠤ ᠬᠤᠷᠠᠯ ᠢ ᠲᠠᠰᠤᠷᠠᠯᠳᠡ ᠦᠭᠡᠢ ᠬᠥᠭᠵᠢᠭᠦᠯᠬᠦ ᠪᠤᠯᠤᠨ᠎ᠠ᠃ |