ᠰᠦᠨ ᠱᠦ ᠲᠤᠤ ᠦᠨᠳᠦᠰᠦᠨ ᠱᠠᠳᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠵᠠᠢ
ᠨᠡᠶᠢᠲᠡᠯᠡᠭᠰᠡᠨ ᠴᠠᠭ᠄
2025/3/17
    3 ᠰᠠᠷ᠎ᠠ ᠶᠢᠨ 15 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ ᠰᠣᠯᠣᠨ ᠪᠠᠯᠭᠠᠰᠤ᠂  ᠮᠠᠨᠵᠦᠲ᠋ᠦ᠋ᠨ ᠤ ᠮᠠᠨᠵᠤ ᠦᠨᠳᠦᠰᠦᠲᠡᠨ ᠤ ᠰᠢᠶᠠᠩ᠂ ᠠᠯᠳᠠᠷ ᠰᠤᠮᠤ ᠪᠠᠷ ᠪᠠᠶᠢᠴᠠᠭᠠᠨ ᠰᠤᠳᠤᠯᠤᠯᠲᠠ ᠬᠢᠪᠠ᠃    ᠰᠦᠨ ᠱᠦ ᠲᠤᠤ ᠤᠷᠢᠳ ᠬᠤᠵᠢᠳ ᠰᠣᠯᠣᠨ ᠤᠢ ᠰᠢᠭᠤᠢ ᠶᠢᠨ ᠲᠠᠯᠠᠪᠠᠢ᠂ ᠰᠣᠯᠣᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ ᠲᠦᠷᠦᠯ ᠵᠦᠢᠯ ᠤᠨ ᠭᠠᠵᠠᠷ᠂ ᠠᠯᠳᠠᠨ ᠤᠯᠤᠰ ᠤᠨ ᠪᠤᠷᠤ ᠬᠡᠷᠡᠮ ᠤᠨ ᠪᠠᠭᠤᠷᠢ᠂ ᠮᠠᠨᠵᠦᠲ᠋ᠦ᠋ᠨ ᠭᠠᠴᠠᠭ᠎ᠠ᠂ ᠠᠯᠳᠠᠷ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠠᠯᠳᠠᠷ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠢᠶᠠᠷ ᠬᠦᠷᠴᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠯᠳᠠᠨ ᠤᠯᠤᠰ  ᠤᠨ ᠪᠤᠷᠤ ᠬᠡᠷᠡᠮ ᠤᠨ ᠬᠠᠮᠠᠭᠠᠯᠠᠯᠲᠠ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠵᠣᠭᠰᠣᠭᠠᠬᠤ᠂ ᠡᠪᠡᠰᠦᠨ ᠤ ᠠᠵᠤ ᠦᠢᠯᠡᠰ ᠢ ᠬᠥᠭᠵᠢᠭᠦᠯᠬᠦ᠂ ᠮᠠᠯ ᠤᠨ ᠠᠷᠠᠯᠵᠢᠶ᠎ᠠ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃    ᠰᠦᠨ ᠱᠦ ᠲᠤᠤ᠂ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠡᠭᠴᠡᠯᠡᠨ ᠰᠠᠶᠢᠵᠢᠷᠠᠭᠤᠯᠬᠤ ᠶᠢ ᠬᠠᠷᠠᠬᠠᠨ ᠪᠡᠶᠡᠯᠡᠭᠦᠯᠦᠭᠡᠳᠦᠢ ᠨᠢ ᠴᠡᠭᠴᠡᠯᠡᠨ ᠰᠠᠶᠢᠵᠢᠷᠠᠭᠤᠯᠬᠤ ᠠᠬᠢᠴᠠ ᠪᠠᠨ ᠲᠦᠷᠭᠡᠳᠬᠡᠵᠦ᠂ ᠡᠷᠲᠡᠬᠡᠨ ᠳ᠋ᠣᠭᠠᠷ ᠢ ᠬᠠᠰᠤᠬᠤ ᠶᠢ ᠪᠠᠲᠤᠯᠠᠵᠤ᠂ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠨᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠰᠠᠶᠢᠲᠤᠷ ᠪᠠᠬᠢᠵᠢᠭᠦᠯᠵᠦ᠂ ᠡᠶᠢᠮᠦᠷᠬᠦ ᠠᠰᠠᠭᠤᠳᠠᠯ ᠤᠨ ᠲᠠᠬᠢᠨ ᠢᠯᠡᠷᠡᠬᠦ ᠶᠢ ᠰᠡᠷᠭᠡᠶᠢᠯᠡᠬᠦ ᠬᠡᠷᠡᠭᠲᠡᠢ᠃ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠠᠯ ᠰᠡᠷᠭᠡᠶᠢᠯᠡᠯᠲᠡ ᠶᠢᠨ ᠲᠣᠭᠤᠷᠢᠨ ᠪᠠᠶᠢᠴᠠᠭᠠᠬᠤ ᠪᠠ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠪᠥᠬᠦ ᠲᠠᠯ᠎ᠠ ᠪᠠᠷ ᠴᠢᠩᠭᠠᠳᠬᠠᠨ᠂ ᠬᠢᠯᠢ ᠶᠢᠨ ᠭᠠᠳᠠᠨᠠᠬᠢ ᠭᠠᠯ ᠤᠨ ᠪᠠᠶᠢᠳᠠᠯ ᠢ ᠨᠢᠭᠲᠠ ᠠᠩᠬᠠᠷᠴᠤ᠂ ᠵᠢᠵᠢᠭᠦᠷᠯᠡᠨ ᠰᠠᠬᠢᠬᠤ᠂ ᠡᠳ᠋ ᠪᠣᠳᠠᠰ ᠨᠥᠭᠡᠴᠡᠯᠡᠬᠦ ᠪᠠ ᠭᠠᠯ ᠰᠡᠷᠭᠡᠶᠢᠯᠡᠬᠦ ᠪᠡᠯᠡᠳᠬᠡᠯ ᠲᠥᠰᠦᠯ ᠤᠨ ᠰᠣᠷᠢᠯᠲᠠ ᠶᠢ ᠴᠢᠩᠭᠠᠷᠠᠭᠤᠯᠤᠨ᠂ ᠴᠢᠩᠭ᠎ᠠ ᠰᠡᠷᠭᠡᠶᠢᠯᠡᠨ ᠴᠢᠩᠭ᠎ᠠ ᠰᠠᠬᠢᠵᠤ᠂ ᠭᠠᠯ ᠤᠨ ᠢᠷᠡᠯᠲᠡ ᠶᠢ ᠴᠢᠩᠭ᠎ᠠ ᠡᠵᠡᠮᠳᠡᠨ᠂ ᠭᠠᠯ ᠰᠡᠷᠭᠡᠶᠢᠯᠡᠵᠦ ᠤᠨᠲᠠᠷᠠᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠦᠷᠭᠦᠯᠵᠢᠯᠡᠨ ᠪᠦᠳᠦᠭᠡᠨ ᠪᠠᠶᠢᠭᠤᠯᠬᠤ ᠲᠦᠷᠦᠯ ᠵᠦᠢᠯ ᠳᠤ ᠡᠯᠧᠮᠧᠨ᠋ᠲ ᠤᠨ ᠪᠠᠲᠤᠯᠠᠭ᠎ᠠ᠂ ᠪᠦᠳᠦᠭᠡᠨ ᠪᠠᠶᠢᠭᠤᠯᠤᠯᠲᠠ ᠶᠢᠨ ᠠᠬᠢᠴᠠ᠂ ᠬᠥᠮᠥᠷᠭᠡ ᠳᠤ ᠣᠷᠣᠭᠤᠯᠵᠤ ᠨᠢᠭᠡᠳᠦᠯᠲᠡᠢ ᠪᠣᠯᠭᠠᠬᠤ ᠶᠢ ᠴᠢᠩᠭᠠᠳᠬᠠᠵᠤ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠭᠠᠷ ᠭᠦᠢᠴᠡᠳᠬᠡᠯ ᠂ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ᠂ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠴᠠᠭ ᠤᠨ ᠳᠠᠷᠠᠭᠠᠯᠠᠯ ᠢ ᠲᠣᠳᠣᠷᠬᠠᠶᠢᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ 36 ᠴᠢᠬᠤᠯᠠ ᠶᠡᠭᠡ ᠲᠦᠷᠦᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠷᠭᠡᠨ ᠠᠬᠢᠭᠤᠯᠵᠤ᠂ ᠨᠢᠭᠡᠳᠦᠭᠡᠷ ᠤᠯᠠᠷᠢᠯ ᠤᠨ ᠰᠠᠶᠢᠨ ᠡᠬᠢᠯᠡᠯᠲᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠨᠡᠶᠢᠳᠡᠮ ᠪᠠᠶᠢᠴᠠᠭᠠᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠲᠣᠭᠤᠷᠢᠨ ᠪᠠᠶᠢᠴᠠᠭᠠᠵᠤ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠠᠲᠤᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠮᠢᠶᠠᠷᠤᠯᠲᠠ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ  ᠴᠠᠭᠠᠵᠠᠯᠠᠵᠤ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ︽ᠦᠷ᠎ᠡ ᠪᠦᠲᠦᠮᠵᠢ ᠣᠯᠪᠠᠯ ᠰᠠᠶ᠋ᠢ ᠵᠣᠭᠤᠰ ᠥᠭᠬᠦ︾ ᠵᠡᠷᠭᠡ 22 ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠤᠯᠠᠭᠠᠶᠢᠯᠠᠨ ᠮᠠᠯᠵᠢᠬᠤ᠂ ᠬᠡᠲᠦᠷᠡᠭᠦᠯᠦᠨ ᠮᠠᠯᠵᠢᠬᠤ  ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠠᠯᠴᠢᠨ ᠲᠠᠷᠢᠶᠠᠴᠢᠳ ᠢ ᠬᠥᠲᠥᠯᠦᠨ ᠵᠢᠯᠣᠭᠤᠳᠴᠤ ᠪᠠᠶᠢᠭᠠᠳ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠮᠠᠯ ᠠᠵᠤ ᠠᠬᠤᠶ ᠶᠢᠨ ᠬᠥᠭᠵᠢᠯᠲᠡ ᠶᠢᠨ ᠬᠤᠤᠰ ᠠᠮᠵᠢᠯᠲᠠ ᠶᠢ ᠪᠡᠶᠡᠯᠡᠭᠦᠯᠬᠦ ᠬᠡᠷᠡᠭᠲᠡᠶ᠃ ︽ᠪᠡᠯᠴᠢᠭᠡᠷ ᠢᠶᠠᠷ ᠮᠠᠯ ᠤᠨ ᠲᠤᠭ᠎ᠠ ᠶᠢ ᠲᠣᠭᠲᠠᠭᠠᠵᠤ᠂ ᠮᠠᠯ ᠪᠡᠯᠴᠢᠭᠡᠷ ᠢ ᠨᠢᠭᠡ ᠴᠤᠭᠴᠠᠵᠢᠭᠤᠯᠬᠤ︾ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ᠬᠢᠩᠭᠠᠨ ᠠᠶᠢᠮᠠᠭ ᠤᠨ ᠤᠯᠤᠰ ᠤᠨ ᠲᠠᠰ ᠤᠨ ᠣᠲᠣ ᠦᠶ᠎ᠡ ᠶᠢᠨ ᠮᠠᠯ ᠠᠵᠤ ᠠᠬᠤᠶ ᠶᠢᠨ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠠᠵᠠ ᠲᠣᠬᠢᠶᠠᠯ ᠢ ᠠᠰᠢᠭᠯᠠᠨ᠂ ᠠᠯᠳᠠᠷ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢᠶᠠᠷ ᠭᠤᠤᠯ ᠠᠴᠢᠶᠠᠯᠠᠪᠤᠷᠢ ᠪᠣᠯᠭᠠᠵᠤ᠂ ᠤᠯᠠᠮᠵᠢᠯᠠᠯᠲᠤ ᠡᠪᠡᠰᠦᠨ ᠤ ᠦᠢᠯᠡᠰ ᠤᠨ ᠣᠳᠣᠬᠢᠴᠢᠯᠠᠯᠲᠠ ᠳᠠᠰᠢ ᠲᠠᠰ ᠳᠡᠪᠰᠢᠬᠦ ᠶᠢ ᠳᠥᠯᠭᠢᠨ ᠠᠬᠢᠭᠤᠯᠵᠤ᠂ ᠡᠪᠡᠰᠦᠨ ᠤ ᠦᠢᠯᠡᠰ ᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠯᠭᠠᠭᠤᠷᠢ ᠠᠵᠤ ᠦᠢᠯᠡᠰ ᠪᠣᠯᠭᠠᠨ ᠬᠦᠭᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号