| 3 ᠰᠠᠷ᠎ᠠ ᠶᠢᠨ 15 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ | ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠰᠲ᠋ᠧᠮ ᠤᠨ | ᠳᠥᠷᠪᠡᠨ ᠲᠥᠷᠥᠯ ᠤᠨ ᠬᠤᠭᠤᠯᠠᠢ ᠲᠣᠤᠷ ᠤᠨ ᠲᠥᠷᠥᠯ ᠵᠦᠢᠯ ᠤᠨ ᠲᠤᠬᠠᠶ ᠶᠢᠨ ᠲᠠᠯᠠᠪᠠᠶ ᠵᠢᠴᠢ ᠬᠡᠰᠡᠭ ᠬᠡᠷ | ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠢᠶᠠᠷ ᠭᠦᠨᠵᠡᠭᠡᠶᠢᠷᠡᠨ᠂ ᠲᠤᠬᠠᠶ ᠶᠢᠨ | ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠸᠠᠩ ᡁᠢ ᠪᠢᠶᠤᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠠ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨ ᠭᠤᠣᠯ ᠵᠠᠮ᠂ ᠬᠠᠨ ᠠᠭᠤᠯᠠ ᠵᠡᠭᠡᠯᠢ ᠶᠢᠨ | ᠰᠢᠲᠠᠮᠠᠬᠠᠶ ᠬᠡᠢ ᠶᠢᠨ ᠬᠤᠭᠤᠯᠠᠶ ᠵᠡᠷᠭᠡ ᠬᠠᠭᠤᠴᠢᠷᠠᠵᠤ ᠰᠢᠨᠡᠳᠬᠡᠨ ᠥᠭᠡᠷᠡᠴᠢᠯᠡᠬᠦ ᠢᠨᠵᠧᠨᠧᠷᠢᠩ᠂ ᠬᠠᠨ ᠱᠠᠨ ᠵᠡᠭᠡᠯᠢ | ᠂ ᠰᠢᠤᠸᠠᠢ ᠶᠤᠸᠠᠨ ᠵᠠᠮ᠂ ᠳ᠋ᠠᠱᠢᠵᠠᠢ ᠵᠡᠭᠡᠯᠢ᠂ ᠳᠡᠭᠦᠯᠢᠨ ᠵᠡᠭᠡᠯᠢ᠂ ᠱᠦᠶ ᠠᠨ ᠵᠡᠭᠡᠯᠢ ᠵᠡᠷᠭᠡ ᠬᠠᠭᠤᠴᠢᠷᠠᠵᠤ | ᠰᠢᠨᠡᠳᠬᠡᠨ ᠥᠭᠡᠷᠡᠴᠢᠯᠡᠬᠦ ᠪᠥᠲᠥᠭᠡᠨ ᠪᠠᠶᠢᠭᠤᠯᠤᠯᠲᠠ᠂ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ | ᠥᠭᠡᠷᠡᠴᠢᠯᠡᠬᠦ᠂ ᠬᠤᠷᠴᠢᠨ ᠪᠠᠯᠭᠠᠰᠤᠨ ᠤ ᠮᠧᠶ ᠶᠤᠸᠠᠨ ᠳᠤᠮᠳᠠ ᠵᠠᠮ ᠤᠨ ᠦᠶᠡᠷ ᠢ ᠵᠠᠯᠠᠵᠤ ᠤᠰᠤᠲᠤᠯ ᠢ | ᠰᠡᠷᠭᠡᠶᠢᠯᠡᠬᠦ ᠢᠨᠵᠧᠨᠧᠷᠢᠩ ᠵᠡᠷᠭᠡ ᠲᠥᠷᠥᠯ ᠵᠦᠢᠯ ᠤᠨ ᠲᠤᠬᠠᠶ ᠶᠢᠨ ᠲᠠᠯᠠᠪᠠᠶ ᠪᠠᠷ ᠭᠦᠨᠵᠡᠭᠡᠶᠢᠷᠡᠨ᠂ ᠲᠥᠷᠥᠯ ᠵᠦᠢᠯ | ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠤᠭᠤᠯᠠᠢ ᠲᠣᠤᠷ ᠤᠨ | ᠪᠥᠲᠥᠭᠡᠨ ᠪᠠᠶᠢᠭᠤᠯᠤᠯᠲᠠ᠂ ᠪᠠᠷᠢᠯᠭ᠎ᠠ ᠶᠢᠨ ᠠᠬᠢᠴᠠ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠬᠠᠷᠢᠭᠤ | ᠮᠡᠳᠡᠭᠦᠯᠦᠯᠲᠡ ᠶᠢ ᠰᠣᠨᠣᠰᠪᠠ᠃ ᠯᠢᠦ ᠬᠠᠶ ᠲᠤᠤ᠂ ᠳᠥᠷᠪᠡᠨ ᠲᠥᠷᠥᠯ ᠤᠨ ᠬᠤᠭᠤᠯᠠᠶ ᠲᠣᠤᠷ ᠤᠨ ᠪᠥᠲᠥᠭᠡᠨ | ᠪᠠᠶᠢᠭᠤᠯᠤᠯᠲᠠ ᠪᠣᠯ ᠬᠤᠲᠠ ᠶᠢᠨ ᠰᠠᠭᠤᠷᠢ ᠲᠥᠬᠦᠭᠡᠷᠦᠮᠵᠢ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠲᠡᠷᠡ ᠨᠢ | ᠠᠷᠠᠳ ᠤᠨ ᠠᠮᠢᠳᠤᠷᠠᠯ ᠤᠨ ᠠᠵᠠ ᠵᠢᠷᠭᠠᠯ ᠪᠠ ᠬᠤᠲᠠ ᠶᠢᠨ ᠠᠯᠤᠰ ᠬᠡᠲᠦ ᠶᠢᠨ ᠬᠥᠭᠵᠢᠯᠲᠡ ᠳᠤ ᠬᠤᠯᠪᠣᠭᠳᠠᠵᠤ | ᠪᠠᠶᠢᠳᠠᠭ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠷᠥᠯ | ᠵᠦᠢᠯ ᠢ ᠲᠥᠯᠥᠪᠯᠡᠭᠡ ᠶᠣᠰᠣᠭᠠᠷ ᠴᠢᠨᠠᠷ ᠰᠠᠶᠢᠲᠠᠶ ᠠᠬᠢᠭᠤᠯᠬᠤ ᠶᠢ ᠦᠨᠡᠨ ᠬᠦ ᠪᠠᠲᠤᠯᠠᠬᠤ ᠶᠢᠨ ᠬᠠᠮᠲᠤ᠂ | ᠪᠠᠷᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠶᠠᠰᠤ ᠴᠢᠨᠠᠷ ᠪᠠ | ᠠᠬᠢᠴᠠ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠯᠢᠦ ᠬᠠᠶ ᠲᠤᠤ᠂ ᠢ ᠫᠢᠨ ᠵᠠᠢ᠂ ᠲᠢᠶᠠᠨ ᠷᠦᠢ ᠬᠤᠸᠠ ᠹᠦ᠋᠂ ᠢᠦᠶ ᠶᠤᠸᠠᠨ ᠰᠢᠤᠸᠠᠢ ᠹᠦ᠋᠂ ᠴᠦᠨ ᠵᠢᠶᠠᠩ | ᠬᠤᠸᠠ ᠹᠦ᠋ ᠵᠡᠷᠭᠡ ᠪᠠᠭ᠎ᠠ ᠲᠣᠭᠤᠷᠢᠭ ᠲᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ | ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ᠂ ᠲᠥᠷᠥᠯ ᠵᠦᠢᠯ ᠤᠨ ᠨᠡᠭᠡᠭᠡᠯᠲᠡ ᠶᠢᠨ ᠠᠬᠢᠴᠠ ᠵᠢᠴᠢ ᠵᠠᠬ᠎ᠠ | ᠳᠡᠯᠭᠡᠭᠦᠷ ᠤᠨ ᠪᠣᠷᠣᠯᠠᠭᠤᠯᠭ᠎ᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃ ᠳᠡᠷᠡ ᠂ ᠬᠡᠷ ᠪᠠᠶᠢᠰᠢᠩ | ᠭᠠᠵᠠᠷ ᠬᠥᠷᠥᠩᠭᠡ ᠶᠢᠨ ᠠᠵᠢᠯ ᠲᠥᠷᠥᠯ ᠨᠢ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠴᠢᠬᠤᠯᠠ | ᠳᠠᠶᠢᠴᠢᠯᠠᠬᠤ ᠦᠢᠯᠡᠳᠦᠯ ᠲᠠᠢ᠂ ᠠᠵᠤ ᠠᠬᠤᠶᠢᠯᠠᠯ ᠤᠳ ᠵᠠᠬ᠎ᠠ ᠳᠡᠯᠭᠡᠭᠦᠷ ᠤᠨ ᠬᠥᠳᠡᠯᠦᠯ ᠪᠠᠶᠢᠳᠠᠯ ᠢ ᠣᠨᠣᠪᠴᠢᠲᠠᠶ | ᠡᠵᠡᠮᠳᠡᠵᠦ᠂ ᠲᠥᠷᠥᠯ ᠵᠦᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠠᠷᠠᠳ ᠣᠯᠠᠨ ᠤ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠬᠡᠷᠡᠭᠲᠡᠶ᠃ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠠᠵᠤ ᠠᠬᠤᠶᠢᠯᠠᠯ ᠳᠠᠬᠢ ᠦᠢᠯᠡᠴᠢᠯᠡᠭᠡ ᠪᠠ ᠳᠡᠮᠵᠢᠯᠭᠡ ᠪᠠᠨ ᠴᠢᠩᠭᠠᠳᠬᠠᠵᠤ᠂ ᠠᠵᠤ ᠠᠬᠤᠶᠢᠯᠠᠯ ᠢ | ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠤᠷᠢᠯᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠡᠢ᠃ | ᠪᠠᠶᠢᠴᠠᠭᠠᠨ ᠰᠤᠳᠤᠯᠬᠤ ᠶᠠᠪᠤᠴᠠ ᠳᠤ᠂ ᠯᠢᠦ ᠬᠠᠢ ᠲᠤᠤ ᠪᠠᠰᠠ ᠬᠤᠳᠠ ᠶᠢᠨ ᠴᠢᠳᠠᠪᠬᠢ ᠶᠢ ᠬᠡᠷᠬᠢᠨ | ᠰᠢᠯᠢᠳᠡᠭᠵᠢᠭᠦᠯᠬᠦ᠂ ᠬᠤᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠠᠵᠤ ᠦᠢᠯᠡᠰ ᠪᠠ ᠬᠤᠳᠠ ᠶᠢᠨ | ᠠᠭᠤᠰᠤᠯᠴᠠᠯ ᠢ ᠠᠬᠢᠭᠤᠯᠬᠤ ᠵᠡᠷᠭᠡ ᠲᠠᠯ᠎ᠠ ᠪᠠᠷ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ | ᠭᠦᠨᠵᠡᠭᠡᠢ ᠰᠣᠯᠢᠯᠴᠠᠵᠠᠢ᠃ ᠲᠡᠷᠡ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠬᠤᠳᠠ ᠶᠢᠨ ᠪᠦᠳᠦᠬᠡᠨ ᠪᠠᠶᠢᠭᠤᠯᠤᠯᠲᠠ ᠪᠣᠯᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠬᠤᠳᠠ ᠶᠢᠨ ᠶᠡᠷᠦᠩᠬᠡᠶᠢᠯᠡᠭᠰᠡᠨ ᠳᠠᠭᠠᠭᠠᠴᠠ ᠪᠣᠯᠤᠨ ᠣᠷᠣᠰᠢᠨ ᠰᠠᠭᠤᠬᠤ ᠳᠤ | ᠲᠣᠬᠢᠷᠠᠮᠵᠢᠲᠠᠢ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠭᠦᠯᠵᠦ᠂ ᠪᠦᠬᠦ ᠬᠤᠰᠢᠭᠤᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ |