ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠣᠯᠣᠨ ᠪᠠᠯᠭᠠᠰᠤ ︽3 · 15︾ ᠤ ᠠᠵᠢᠯᠯᠠᠭ᠎ᠠ ᠦᠷᠨᠢᠭᠦᠯᠵᠡᠢ
ᠨᠡᠶᠢᠲᠡᠯᠡᠭᠰᠡᠨ ᠴᠠᠭ᠄
2025/3/18
    ᠬᠡᠷᠡᠭᠯᠡᠭᠴᠢᠳ ᠤᠨ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠠᠮᠤᠷ ᠲᠦᠪᠰᠢᠨ᠂ ᠰᠠᠨᠠᠭ᠎ᠠ ᠠᠮᠤᠷ᠂ ᠡᠷᠬᠡ ᠲᠡᠭᠰᠢ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ 3 ᠰᠠᠷ᠎ᠠ ᠶᠢᠨ 14 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠰᠣᠯᠣᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ︽ᠬᠠᠨᠤᠮᠵᠢᠲᠠᠶ ᠬᠡᠷᠡᠭᠯᠡᠭᠡ ᠶᠢ ᠬᠠᠮᠲᠤ ᠪᠠᠷ ᠴᠤᠭᠴᠠᠯᠠᠬᠤ︾ 2025 ᠣᠨ ᠤ ᠬᠡᠷᠡᠭᠯᠡᠭᠡᠨ ᠤ ᠡᠷᠬᠡ ᠠᠰᠢᠭ ᠢᠶᠠᠨ ᠬᠠᠮᠠᠭᠠᠯᠠᠬᠤ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠪᠠᠯᠭᠠᠰᠤ ᠲᠣᠭᠤᠷᠢᠭ ᠲᠤ 2025 ᠣᠨ ᠤ ᠬᠡᠷᠡᠭᠯᠡᠭᠴᠢᠳ ᠤᠨ ᠡᠷᠬᠡ ᠠᠰᠢᠭ ᠢᠶᠠᠨ ᠬᠠᠮᠠᠭᠠᠯᠠᠬᠤ ᠡᠳᠦᠷ ᠤᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠬᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠷᠬᠡ ᠪᠠᠨ ᠬᠠᠮᠠᠭᠠᠯᠠᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠠᠢ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠠᠵᠢᠯᠲᠠᠳ ᠨᠠᠰᠢ ᠴᠠᠰᠢ ᠥᠩᠭᠡᠷᠡᠬᠦ ᠤᠯᠠᠨ ᠲᠦᠮᠡᠨ ᠳᠤ ᠨᠠᠷᠢᠨ ᠨᠢᠮᠪᠠᠢ ᠨᠠᠶᠢᠷᠠᠭᠤᠯᠤᠨ ᠵᠣᠬᠢᠶᠠᠭᠰᠠᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ ᠡᠲᠡᠭᠡᠷ ᠮᠠᠲ᠋ᠧᠷᠢᠶᠠᠯ ᠤᠨ ᠠᠭᠤᠯᠭ᠎ᠠ ᠨᠢ ᠪᠠᠶᠠᠯᠢᠭ ᠪᠠᠶᠢᠵᠤ᠂ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠵᠡᠷᠭᠡ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠨᠦᠭᠦᠳ ᠢ ᠬᠠᠮᠤᠷᠤᠭᠰᠠᠨ ᠪᠠᠶᠢᠳᠠᠭ᠃ ᠠᠵᠢᠯᠲᠠᠳ ᠬᠡᠷᠡᠭᠯᠡᠭᠴᠢᠳ ᠤᠨ ᠬᠠᠤᠯᠢ ᠶᠣᠰᠣᠭᠠᠷ ᠡᠳ᠋ᠯᠡᠬᠦ ᠡᠯ᠎ᠡ ᠵᠦᠢᠯ ᠤᠨ ᠡᠷᠬᠡ ᠶᠢ ᠴᠢᠬᠤᠯᠠᠴᠢᠯᠠᠨ ᠲᠠᠶᠢᠯᠪᠤᠷᠢᠯᠠᠭᠰᠠᠨ ᠪᠥᠭᠡᠳ ᠪᠠᠰᠠ ᠬᠡᠷᠡᠭᠯᠡᠭᠡᠨ ᠤ ᠡᠷᠬᠡ ᠳᠤ ᠬᠠᠯᠳᠠᠭᠰᠠᠨ ᠠᠵᠢᠯᠯᠠᠭ᠎ᠠ ᠳᠤ ᠤᠴᠠᠷᠠᠬᠤ ᠦᠶ᠎ᠡ ᠳᠤ ᠠᠪᠴᠤ ᠪᠣᠯᠬᠤ ᠡᠷᠬᠡ ᠪᠠᠨ ᠬᠠᠮᠠᠭᠠᠯᠠᠬᠤ ᠣᠯᠠᠨ ᠡᠰᠢᠲᠦ ᠠᠷᠭ᠎ᠠ ᠵᠠᠮ ᠢ ᠨᠠᠷᠢᠨ ᠲᠣᠳᠣᠷᠬᠠᠶ ᠥᠭᠦᠯᠡᠭᠰᠡᠨ ᠪᠠᠶᠢᠨ᠎ᠠ᠃ ᠡᠳᠦᠷ ᠲᠤᠲᠤᠮ ᠤᠨ ᠠᠮᠢᠳᠤᠷᠠᠯ ᠳᠤ ᠪᠠᠶᠢᠩᠭᠤ ᠲᠣᠬᠢᠶᠠᠯᠳᠤᠳᠠᠭ ᠬᠠᠭᠤᠷᠮᠠᠭ ᠮᠠᠭᠤ ᠲᠠᠸᠠᠷ ᠲᠤ ᠴᠢᠭᠯᠡᠭᠦᠯᠦᠨ᠂ ᠠᠵᠢᠯᠲᠠᠳ ᠪᠣᠭᠤᠳᠠᠯ ᠪᠠᠭᠯᠠᠭ᠎ᠠ ᠶᠢᠨ ᠨᠠᠷᠢ᠊ ᠵᠦᠢᠯᠡᠰ᠂ ᠮᠠᠲ᠋ᠧᠷᠢᠶᠠᠯ ᠤᠨ ᠴᠢᠨᠠᠷ ᠴᠢᠨᠰᠠᠭ᠎ᠠ᠂ ᠬᠠᠭᠤᠷᠮᠠᠭ ᠢ ᠰᠡᠷᠭᠡᠶᠢᠯᠡᠬᠦ ᠲᠡᠮᠳᠡᠭ ᠵᠡᠷᠭᠡ ᠣᠯᠠᠨ ᠲᠠᠯ᠎ᠠ ᠠᠴᠠ ᠢᠯᠭᠠᠨ ᠲᠠᠨᠢᠬᠤ ᠤᠷ᠎ᠠ ᠮᠡᠷᠭᠡᠵᠢᠯ ᠢ ᠤᠯᠠᠮᠵᠢᠯᠠᠵᠤ᠂ ᠬᠡᠷᠡᠭᠯᠡᠭᠴᠢᠳ ᠢ ᠰᠢᠨᠵᠢᠯᠡᠬᠦ ᠤᠬᠠᠭᠠᠨᠴᠢ ᠪᠥᠭᠡᠳ ᠣᠶᠤᠨᠴᠢ ᠬᠡᠷᠡᠭᠯᠡᠭᠡᠨ ᠤ ᠦᠵᠡᠯᠲᠡ ᠲᠠᠢ ᠪᠤᠯᠬᠤ ᠶᠢ ᠬᠦᠳᠦᠯᠦᠨ ᠵᠢᠯᠤᠭᠤᠳᠴᠤ᠂ ᠰᠣᠬᠤᠷ ᠪᠠᠯᠠᠶ ᠪᠠᠷ ᠳᠠᠭᠠᠵᠤ ᠳᠡᠷᠪᠡᠬᠦ ᠪᠠ ᠠᠰᠢᠭ ᠬᠤᠨᠵᠢᠪᠣᠷᠢ ᠳᠤ ᠰᠢᠨᠤᠬᠤ ᠰᠡᠳᠬᠢᠴᠡ ᠶᠢ ᠨᠢ ᠲᠠᠶᠠᠭᠳᠠᠭᠤᠯᠵᠤ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠦᠨᠡᠨ ᠬᠦ ᠳᠡᠭᠡᠭᠰᠢᠯᠡᠭᠦᠯᠪᠡ᠃    ᠣᠨᠴᠠ ᠲᠣᠬᠢᠷᠠᠭᠤᠯᠤᠭᠰᠠᠨ ᠬᠤᠭᠤᠴᠠᠭ᠎ᠠ ᠥᠩᠭᠡᠷᠡᠭᠰᠡᠨ ᠪᠦᠲᠦᠭᠡᠭᠳᠡᠬᠦᠨ ᠤ ᠦᠵᠡᠭᠦᠯᠭᠡ ᠶᠢᠨ ᠲᠣᠭᠤᠷᠢᠭ ᠲᠤ ᠂ ᠡᠯ᠎ᠡ ᠲᠥᠷᠥᠯ ᠤᠨ ᠬᠤᠭᠤᠴᠠᠭ᠎ᠠ ᠥᠩᠭᠡᠷᠡᠭᠰᠡᠨ ᠢᠳᠡᠭᠡᠨ ᠣᠮᠳᠠᠭᠠᠨ ᠢ ᠡᠮᠬᠢ ᠵᠢᠷᠤᠮ ᠲᠠᠢ ᠪᠠᠷ ᠳᠡᠯᠭᠡᠨ ᠲᠠᠯᠪᠢᠵᠤ ᠂ ᠦᠶ ᠣᠯᠠᠨ ᠬᠥᠮᠦᠰ ᠤᠨ ᠠᠩᠬᠠᠷᠤᠯ ᠢ ᠲᠠᠲᠠᠵᠠᠶ᠃ ᠠᠵᠢᠯᠲᠠᠳ ᠡᠲᠡᠭᠡᠷ ᠪᠣᠳᠠᠲᠤ ᠶᠠᠭᠤᠮ᠎ᠠ ᠪᠠᠷ ᠵᠢᠭᠠᠬᠤ ᠮᠠᠲ᠋ᠧᠷᠢᠶᠠᠯ ᠪᠣᠯᠭᠠᠵᠤ᠂ ᠬᠤᠭᠤᠴᠠᠭ᠎ᠠ ᠥᠩᠭᠡᠷᠡᠭᠰᠡᠨ ᠪᠦᠲᠦᠭᠡᠭᠳᠡᠬᠦᠨ ᠤ ᠬᠥᠮᠦᠨ ᠤ ᠪᠡᠶ᠎ᠡ ᠶᠢᠨ ᠡᠷᠡᠭᠦᠯ ᠮᠡᠨᠳᠦ ᠪᠠ ᠠᠮᠢᠳᠤᠷᠠᠯ ᠳᠤ ᠤᠴᠠᠷᠠᠭᠤᠯᠵᠤ ᠮᠡᠳᠡᠬᠦ ᠬᠦᠨᠳᠦ ᠨᠣᠴᠢᠲᠠᠶ ᠬᠤᠤᠷ ᠬᠥᠨᠥᠭᠡᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠠᠶᠢᠯᠪᠤᠷᠢᠯᠠᠵᠠᠢ᠃ ᠠᠵᠢᠯᠲᠠᠳ ᠪᠠᠰᠠ ᠪᠦᠲᠦᠭᠡᠭᠳᠡᠬᠦᠨ ᠤ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠴᠢᠨᠠᠷ ᠢ ᠪᠠᠲᠤᠯᠠᠬᠤ ᠬᠤᠭᠤᠴᠠᠭ᠎ᠠ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠬᠡᠷᠬᠢᠨ ᠣᠨᠣᠪᠴᠢᠲᠠᠢ ᠪᠠᠶᠢᠴᠠᠭᠠᠨ ᠦᠵᠡᠬᠦ ᠶᠢ ᠤᠯᠠᠨ ᠲᠦᠮᠡᠨ ᠳᠤ ᠵᠢᠭᠠᠨ ᠥᠭᠴᠦ᠂ ᠪᠠᠷᠠᠭ᠎ᠠ ᠬᠤᠳᠠᠯᠳᠤᠨ ᠠᠪᠬᠤ ᠳᠠᠭᠠᠨ ᠡᠷᠬᠡᠪᠰᠢ ᠲᠠᠸᠠᠷ ᠢ ᠨᠠᠷᠢᠨ ᠨᠢᠮᠪᠠᠢ ᠢᠯᠭᠠᠨ ᠲᠤᠳᠤᠯᠠᠵᠤ᠂ ᠬᠤᠭᠤᠴᠠᠭ᠎ᠠ ᠥᠩᠭᠡᠷᠡᠭᠰᠡᠨ ᠪᠦᠲᠦᠭᠡᠭᠳᠡᠬᠦᠨ ᠢ ᠬᠤᠳᠠᠯᠳᠤᠨ ᠠᠪᠬᠤ ᠪᠠ ᠬᠡᠷᠡᠭᠯᠡᠬᠦ ᠶᠢ ᠡᠷᠡᠰ ᠬᠤᠷᠢᠭᠯᠠᠵᠤ᠂ ᠥᠪᠡᠷ ᠤᠨ ᠪᠡᠶ᠎ᠡ ᠪᠣᠯᠤᠨ ᠭᠡᠷ ᠤᠨ ᠬᠥᠮᠦᠰ ᠤᠨ ᠢᠶᠠᠨ ᠠᠮᠢᠳᠤᠷᠠᠯ ᠤᠨ ᠴᠢᠨᠠᠷ ᠴᠢᠨᠰᠠᠭ᠎ᠠ ᠪᠣᠯᠤᠨ ᠡᠷᠡᠭᠦᠯ ᠮᠡᠨᠳᠤ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠤᠯᠠᠨ ᠳᠤ ᠰᠠᠨᠠᠭᠤᠯᠵᠠᠢ᠃    ᠠᠵᠢᠯᠯᠠᠭ᠎ᠠ ᠶᠢᠨ ᠬᠤᠭᠤᠴᠠᠭᠠᠨ ᠳᠤ ᠠᠵᠢᠯᠲᠠᠳ ︽ᠰᠢᠯᠭᠠᠨ ᠪᠠᠶᠢᠴᠠᠭᠠᠬᠤ︾ ᠠᠵᠢᠯᠯᠠᠭ᠎ᠠ ᠳᠤ ᠣᠷᠣᠯᠴᠠᠬᠤ ᠠᠷᠭ᠎ᠠ ᠮᠠᠶ᠋ᠢᠭ ᠢ ᠢᠳᠡᠪᠬᠢᠲᠡᠶ ᠤᠬᠠᠭᠤᠯᠪᠠ᠃ ᠲᠤᠬᠠᠶ ᠶᠢᠨ ᠲᠠᠯᠠᠪᠠᠶ ᠶᠢᠨ ᠦᠵᠡᠭᠦᠯᠭᠡ ᠪᠠ ᠲᠠᠶᠢᠯᠤᠮᠵᠢ ᠪᠠᠷ ᠳᠠᠮᠵᠢᠭᠤᠯᠤᠨ᠂ ᠥᠷᠭᠡᠨ ᠣᠯᠠᠨ ᠬᠡᠷᠡᠭᠯᠡᠭᠴᠢᠳ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠬᠤ ᠠᠵᠢᠯ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠪᠠ᠃ ᠬᠡᠷᠡᠭᠯᠡᠭᠴᠢᠳ ᠥᠪᠡᠷ ᠤᠨ ᠡᠳᠦᠷ ᠲᠤᠲᠤᠮ ᠤᠨ ᠢᠳᠡᠭᠡᠨ ᠤᠮᠳᠠᠭᠠᠨ ᠤ ᠬᠡᠷᠡᠭᠴᠡᠭᠡ ᠪᠣᠯᠤᠨ ᠢᠳᠡᠭᠡᠨ ᠤ ᠠᠮᠤᠷ ᠲᠦᠪᠰᠢᠨ ᠤ ᠲᠠᠯ᠎ᠠ ᠪᠠᠷ ᠬᠢ ᠠᠩᠬᠠᠷᠤᠯ ᠤᠨ ᠭᠤᠣᠯᠳᠠᠯᠭ᠎ᠠ ᠪᠠᠨ ᠦᠨᠳᠦᠰᠦᠯᠡᠵᠦ᠂ ᠺᠣᠳ᠋ ᠰᠢᠷᠪᠢᠬᠦ᠂ ᠰᠦᠯᠵᠢᠶᠡᠨ ᠳᠡᠭᠡᠷ᠎ᠡ ᠦᠭᠡ ᠦᠯᠡᠳᠡᠭᠡᠬᠦ ᠵᠡᠷᠭᠡ ᠳᠥᠭᠦᠮ ᠠᠷᠭ᠎ᠠ ᠪᠠᠷ ᠪᠠᠶᠢᠴᠠᠭᠠᠨ ᠰᠢᠯᠭᠠᠬᠤ ᠱᠠᠭᠠᠷᠳᠠᠯᠭ᠎ᠠ ᠪᠠᠨ ᠲᠤᠰᠢᠶᠠᠪᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠳᠠᠷᠤᠶ ᠲᠦᠷᠭᠡᠨ ᠴᠤᠤᠷᠢᠶᠠᠲᠤᠨ ᠳᠠᠭᠠᠵᠤ᠂ ᠬᠡᠷᠡᠭᠯᠡᠭᠴᠢᠳ ᠤᠨ ︽ᠵᠠᠬᠢᠶᠠᠯᠠᠭ᠎ᠠ ᠶᠢᠨ ᠬᠠᠭᠤᠳᠠᠰᠤ︾ ᠶᠢ ᠦᠨᠳᠦᠰᠦᠯᠡᠨ ᠬᠠᠮᠢᠶ᠎ᠠ ᠪᠦᠬᠦᠢ ᠢᠳᠡᠭᠡᠨ ᠳᠤ ᠨᠠᠷᠢᠨ ᠨᠢᠮᠪᠠᠶ ᠲᠤᠰᠬᠠᠶ ᠮᠡᠷᠭᠡᠵᠢᠯ ᠤᠨ ᠦᠯᠢᠭᠡᠷ ᠠᠪᠴᠤ ᠪᠠᠶᠢᠴᠠᠭᠠᠨ ᠰᠢᠯᠭᠠᠬᠤ ᠪᠥᠭᠡᠳ ᠪᠠᠶᠢᠴᠠᠭᠠᠨ ᠰᠢᠯᠭᠠᠭᠰᠠᠨ ᠦᠷ᠎ᠡ ᠳ᠋ᠦᠩ ᠢᠶᠠᠨ ᠲᠡᠷᠡ ᠳᠠᠷᠤᠶ ᠳᠤᠨᠢ ᠨᠡᠶᠢᠭᠡᠮ ᠳᠤ ᠨᠡᠶᠢᠲᠡᠯᠡᠬᠦ ᠪᠣᠯᠤᠨ᠎ᠠ᠃ ᠡᠨᠡᠬᠦ ᠠᠷᠭ᠎ᠠ ᠬᠡᠮᠵᠢᠶ᠎ᠡ ᠨᠢ ᠬᠡᠷᠡᠭᠯᠡᠭᠴᠢᠳ ᠢ ᠢᠳᠡᠭᠡᠨ ᠤ ᠠᠮᠤᠷ ᠲᠦᠪᠰᠢᠨ ᠤ ᠣᠷᠣᠯᠴᠠᠭᠴᠢ ᠪᠣᠯᠭᠠᠵᠤ᠂ ᠢᠳᠡᠭᠡᠨ ᠤ ᠠᠮᠤᠷ ᠲᠦᠪᠰᠢᠨ ᠤ ᠲᠠᠯ᠎ᠠ ᠪᠠᠷ ᠬᠢ ᠬᠡᠷᠡᠭᠯᠡᠭᠴᠢᠳ ᠤᠨ ᠢᠲᠡᠭᠡᠯ ᠢ ᠪᠦᠲᠦᠮᠵᠢᠲᠡᠶ ᠪᠠᠷ ᠨᠡᠮᠡᠭᠳᠡᠭᠦᠯᠦᠨ᠂ ᠠᠷᠠᠳ ᠢᠷᠭᠡᠳ ᠢ ᠰᠠᠨᠠᠭ᠎ᠠ ᠠᠮᠤᠷ ᠬᠡᠷᠡᠭᠯᠡᠬᠦ ᠪᠤᠯᠭᠠᠭᠰᠠᠨ ᠪᠠᠶᠢᠨ᠎ᠠ᠃    ᠰᠣᠯᠣᠨ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ᠂ ᠪᠠᠯᠭᠠᠰᠤᠨ ᠤ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠤᠨ ᠠᠵᠢᠯᠲᠠᠳ ᠲᠣᠰ ᠤᠳᠠᠭᠠᠨ ᠤ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠭᠤᠤᠯ ᠰᠡᠳᠦᠪᠲᠦ ᠠᠵᠢᠯᠯᠠᠭ᠎ᠠ ᠶᠢ ᠠᠰᠢᠭᠯᠠᠨ᠂ ᠨᠠᠰᠢ ᠴᠠᠰᠢ ᠥᠩᠭᠡᠷᠡᠬᠦ ᠣᠯᠠᠨ ᠲᠦᠮᠡᠨ ᠳᠤ ︽ᠪᠡᠯᠴᠢᠭᠡᠷᠯᠡᠭᠦᠯᠬᠦ ᠶᠢ ᠵᠤᠭᠰᠤᠭᠠᠬᠤ ᠮᠠᠯᠵᠢᠬᠤ ᠣᠷᠣᠨ ᠤ ᠪᠥᠬᠦ ᠮᠠᠯᠴᠢᠨ ᠲᠠᠷᠢᠶᠠᠴᠢᠨ ᠳᠤ ᠮᠡᠳᠡᠭᠳᠡᠬᠦ ᠪᠢᠴᠢᠭ︾᠂ ︽ᠬᠡᠷ ᠪᠦᠯᠢ ᠶᠢᠨ ᠭᠠᠯ ᠰᠡᠷᠭᠡᠶᠢᠯᠡᠬᠦ ᠶᠡᠷᠦ ᠶᠢᠨ ᠮᠡᠳᠡᠯᠭᠡ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠪᠡᠯᠴᠢᠭᠡᠷᠯᠡᠭᠦᠯᠬᠦ ᠶᠢ ᠬᠤᠷᠢᠭᠯᠠᠬᠤ ᠮᠡᠳᠡᠯᠭᠡ ᠪᠠ ᠭᠠᠯ ᠰᠡᠷᠭᠡᠶᠢᠯᠡᠬᠦ ᠮᠡᠳᠡᠯᠭᠡ ᠶᠢ ᠣᠯᠠᠨ ᠲᠦᠮᠡᠨ ᠤ ᠭᠠᠷ ᠲᠤ ᠬᠦᠷᠭᠡᠭᠰᠡᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 100 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠠᠶ᠃    ᠳᠠᠷᠠᠭᠠᠴᠢ ᠶᠢᠨ ᠠᠯᠬᠤᠮ ᠳᠤ᠂ ᠰᠣᠯᠣᠨ ᠪᠠᠯᠭᠠᠰᠤ ᠲᠤᠰ ᠤᠳᠠᠭ᠎ᠠ ᠶᠢᠨ ᠠᠵᠢᠯᠯᠠᠭ᠎ᠠ ᠪᠠᠷ ᠰᠢᠨ᠎ᠡ ᠭᠠᠷᠤᠭ᠎ᠠ ᠪᠣᠯᠭᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠤᠨ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠦᠨ᠎ᠡ᠃ ᠬᠡᠷᠡᠭᠯᠡᠭᠴᠢᠳ ᠤᠨ ᠡᠷᠬᠡ ᠠᠰᠢᠭ ᠢ ᠬᠤᠬᠢᠷᠠᠭᠤᠯᠤᠭᠰᠠᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠳᠠᠷᠤᠯᠲᠠ ᠦᠵᠡᠭᠦᠯᠵᠦ᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠤᠷᠢᠯᠡᠵᠦ ᠶᠠᠭᠠᠬᠢᠭᠰᠠᠨ ᠴᠤ ᠢᠯᠳᠠᠷ ᠬᠠᠶᠠᠬᠤ ᠦᠭᠡᠶ᠃ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠪᠠ ᠰᠠᠯᠠᠭ᠎ᠠ ᠮᠥᠴᠢᠷ ᠤᠳ ᠬᠠᠮᠵᠢᠯᠴᠠᠨ ᠬᠠᠤᠯᠢ ᠬᠡᠷᠡᠭᠵᠢᠭᠦᠯᠬᠦ ᠵᠡᠷᠭᠡ ᠠᠷᠭ᠎ᠠ ᠪᠠᠷᠢᠯ ᠢ ᠴᠢᠩᠭᠠᠷᠠᠭᠤᠯᠬᠤ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠣᠭᠲᠠᠭᠤᠨ ᠪᠠᠶᠢᠬᠤ ᠪᠠ ᠡᠷᠬᠡ ᠲᠡᠭᠰᠢ ᠪᠠᠶᠢᠬᠤ ᠶᠢ ᠦᠨᠡᠨ ᠬᠦ ᠬᠠᠮᠠᠭᠠᠯᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ ᠦᠭᠭᠦᠨ᠎ᠡ᠃ ᠡᠭᠦᠨ ᠤ ᠬᠠᠮᠲᠤ᠂ ᠬᠡᠷᠡᠭᠯᠡᠭᠡᠨ ᠤ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠨᠡᠩ ᠤᠯᠠᠨ ᠪᠦᠲᠦᠮᠵᠢᠲᠡᠢ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠵᠦ᠂ ᠬᠡᠷᠡᠭᠯᠡᠭᠡᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠲᠠᠰᠤᠷᠠᠯᠲᠠ ᠦᠭᠡᠢ ᠠᠬᠢᠭᠤᠯᠵᠤ᠂ ᠰᠣᠯᠣᠨ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠨᠡᠩ ᠴᠡᠴᠡᠭᠯᠡᠨ ᠬᠥᠭᠵᠢᠭᠰᠡᠨ᠂ ᠡᠶ᠎ᠡ ᠵᠣᠬᠢᠴᠠᠩᠭᠤᠢ᠂ ᠰᠠᠶᠢᠨ ᠰᠠᠶᠢᠬᠠᠨ ᠬᠡᠷᠡᠭᠯᠡᠭᠡᠨ ᠤ ᠰᠢᠨ᠎ᠡ ᠠᠮᠢ ᠠᠬᠤᠢ ᠶᠢ ᠴᠣᠭᠴᠠᠯᠠᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号