| ᠬᠦᠭᠡᠭᠴᠢᠨ ᠮᠤᠭᠠᠢ ᠵᠢᠯ ᠤᠨ ᠴᠠᠭᠠᠨ ᠰᠠᠷ᠎ᠠ ᠦᠨᠳᠦᠷᠯᠡᠵᠤ ᠲᠦᠮᠡᠨ ᠪᠤᠳᠠᠰ ᠠᠮᠢᠯᠠᠨ ᠰᠡᠷᠬᠦᠭᠰᠡᠨ 3 | ᠰᠠᠷ᠎ᠠ ᠶᠢᠨ 1 ᠤ ᠡᠳᠦᠷ᠂ ᠬᠤᠷᠴᠢᠨ ᠪᠠᠷᠠᠭᠤᠨ ᠭᠠᠷᠤᠨ ᠡᠮᠤᠨᠡᠳᠦ ᠬᠤᠰᠢᠭᠤᠨ ᠤ ᠮᠠᠨᠵᠦᠲ᠋ᠦ᠋ᠨ ᠤ ᠮᠠᠨᠵᠤ | ᠦᠨᠳᠦᠰᠦᠳᠡᠨ ᠤ ᠰᠢᠶᠠᠩ ᠢᠶᠠᠷ ᠨᠤᠳᠤᠬᠳᠠᠢ ᠵᠠᠯᠠᠭᠤ ᠵᠤᠬᠢᠶᠠᠯᠴᠢ ᠮᠠᠨᠳᠤᠬᠤ ᠶᠢᠨ ᠤᠷᠠᠨ ᠵᠤᠬᠢᠶᠠᠯ ᠤᠨ ᠬᠤᠶᠠᠳᠠᠬᠢ | ᠲᠡᠬᠦᠪᠦᠷᠢ ︽ᠠᠮᠢᠨ ᠴᠡᠩᠭᠡᠷ ᠤᠰᠤᠨ︾ ᠭᠡᠪᠯᠡᠭᠳᠡᠵᠤ᠂ ᠲᠡᠬᠦᠪᠦᠷᠢ ᠶᠢᠨ ᠲᠤᠭᠤᠷᠢᠨ ᠳᠤ ᠰᠤᠳᠤᠯᠤᠨ ᠶᠠᠷᠢᠯᠴᠠᠬᠤ | ᠬᠤᠷᠠᠯ ᠠᠰᠢᠳᠠᠢ ᠰᠠᠶᠢᠬᠠᠨ ᠶᠠᠪᠤᠭᠳᠠᠪᠠ᠃ | ᠲᠤᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠢ ᠬᠤᠷᠴᠢᠨ ᠪᠠᠷᠠᠭᠤᠨ ᠭᠠᠷᠤᠨ ᠡᠮᠤᠨᠡᠳᠦ ᠬᠤᠰᠢᠭᠤᠨ ᠤ | ᠤᠳᠬ᠎ᠠ ᠤᠷᠠᠯᠢᠬ ᠤᠨ ᠬᠤᠯᠪᠤᠭ᠎ᠠ ᠠᠴᠠ ᠡᠷᠬᠢᠯᠡᠵᠤ᠂ ᠪᠦᠬᠦ ᠠᠶᠢᠮᠠᠬ ᠤᠨ ᠤᠳᠬ᠎ᠠ ᠤᠷᠠᠯᠢᠬ ᠤᠨ | ᠡᠳᠡᠭᠡᠳ ᠤᠨ ᠬᠢᠨ᠂ ᠤᠷᠠᠨ ᠵᠤᠬᠢᠶᠠᠯᠴᠢᠳ᠂ ᠤᠷᠠᠨ ᠵᠤᠬᠢᠶᠠᠯ ᠤᠨ ᠰᠢᠬᠦᠮᠵᠢᠯᠡᠭᠴᠢ᠂ ᠤᠷᠠᠨ ᠵᠤᠬᠢᠶᠠᠯ ᠤᠨ | ᠨᠠᠶᠢᠷᠠᠭᠤᠯᠤᠬᠴᠢᠳ 50 ᠭᠠᠷᠤᠢ ᠬᠦᠮᠦᠰ ᠰᠤᠳᠤᠯᠤᠨ ᠶᠠᠷᠢᠯᠴᠠᠬᠤ ᠬᠤᠷᠠᠯ ᠳᠤ ᠤᠷᠤᠯᠴᠠᠪᠠ᠃ ᠰᠤᠳᠤᠯᠤᠨ | ᠶᠠᠷᠢᠯᠴᠠᠬᠤ ᠬᠤᠷᠠᠯ ᠳᠤ ᠤᠷᠤᠨ ᠪᠤᠶᠤ ᠠᠬ᠎ᠠ ᠲᠡᠬᠦᠦ ᠠᠶᠢᠮᠠᠬ ᠬᠤᠳᠠ ᠶᠢᠨ ᠤᠷᠠᠨ ᠵᠤᠬᠢᠶᠠᠯ ᠤᠨ ᠰᠡᠳᠬᠦᠯ ᠤᠨ | ᠬᠤᠷᠢᠶ᠎ᠠ ᠠᠴᠠ ᠢᠷᠡᠬᠦᠯᠦᠭᠰᠡᠨ ᠪᠠᠶᠠᠷ ᠤᠨ ᠵᠠᠬᠢᠳᠠᠯ ᠢ ᠤᠩᠰᠢᠬᠤ᠂ ᠵᠠᠯᠠᠭᠤ ᠵᠤᠬᠢᠶᠠᠯᠴᠢ ᠮᠠᠨᠳᠤᠬᠤ ᠠᠴᠠ ᠡᠭᠡ | ᠰᠤᠷᠭᠠᠭᠤᠯᠢ ᠪᠤᠶᠤ ᠡᠭᠡ ᠨᠤᠳᠤᠬ ᠲᠠᠭᠠᠨ ᠨᠤᠮ ᠪᠡᠯᠡᠭᠯᠡᠬᠦ᠂ ᠤᠷᠠᠨ ᠵᠤᠬᠢᠶᠠᠯᠴᠢᠳ ᠠᠴᠠ ᠰᠤᠷᠭᠤᠭ ᠴᠡᠴᠡᠭ | ᠬᠦᠷᠭᠡᠬᠦ ᠵᠡᠷᠭᠡ ᠠᠭᠤᠯᠭ᠎ᠠ ᠶᠢ ᠲᠤᠬᠢᠷᠠᠭᠤᠯᠤᠬᠰᠠᠨ ᠪᠦᠭᠡᠳ ᠵᠤᠬᠢᠶᠠᠯᠴᠢ ᠸ᠊ · ᠬᠠᠰ᠂ ᠭᠤᠶᠢᠷᠤᠪ᠂ ᠪᠤᠯᠤᠳ᠂ | ᠬᠠᠨᠳᠠ ᠨᠠᠷ ᠵᠠᠯᠠᠭᠤ ᠵᠤᠬᠢᠶᠠᠯᠴᠢ ᠮᠠᠨᠳᠤᠬᠤ ᠶᠢᠨ ︽ᠠᠮᠢᠨ ᠴᠡᠩᠭᠡᠷ ᠤᠰᠤᠨ︾ ᠨᠠᠶᠢᠷᠠᠭᠤᠯᠤᠯ ᠤᠨ ᠲᠡᠬᠦᠪᠦᠷᠢ ᠶᠢᠨ | ᠲᠤᠭᠤᠷᠢᠨ ᠳᠤ ᠰᠤᠳᠤᠯᠤᠨ ᠶᠠᠷᠢᠯᠴᠠᠵᠤ᠂ ᠬᠤᠷᠠᠯ ᠳᠤ ᠤᠷᠤᠯᠴᠠᠬᠰᠠᠨ ᠤᠷᠠᠨ ᠵᠤᠬᠢᠶᠠᠯᠴᠢᠳ ᠠᠴᠠ ᠪᠠᠶᠠᠷ ᠤᠨ | ᠦᠬᠡᠰ ᠶᠠᠷᠢᠬᠰᠠᠨ ᠪᠠᠶᠢᠨ᠎ᠠ᠃ | ᠵᠠᠯᠠᠭᠤ ᠵᠤᠬᠢᠶᠠᠯᠴᠢ ᠮᠠᠨᠳᠤᠬᠤ ᠶᠢᠨ ︽ᠠᠮᠢᠨ ᠴᠡᠩᠭᠡᠷ ᠤᠰᠤᠨ︾ ᠨᠠᠶᠢᠷᠠᠭᠤᠯᠤᠯ ᠤᠨ ᠲᠡᠬᠦᠪᠦᠷᠢ ᠳᠤ | ᠲᠡᠬᠦᠨ ᠤ ᠤᠶᠢᠷ᠎ᠠ ᠶᠢᠨ ᠵᠢᠯ ᠳᠤ ᠲᠤᠭᠤᠷᠪᠢᠬᠰᠠᠨ 21 ᠨᠠᠶᠢᠷᠠᠭᠤᠯᠤᠯ ᠤᠨ ᠪᠦᠳᠦᠭᠡᠯ ᠰᠤᠩᠭᠤᠬᠳᠠᠨ ᠤᠷᠤᠵᠤ᠂ | ᠠᠭᠤᠯᠭ᠎ᠠ ᠶᠢᠨ ᠲᠠᠯ᠎ᠠ ᠪᠠᠷ ᠡᠭᠡ ᠤᠷᠤᠨ ᠡᠭᠡ ᠨᠤᠳᠤᠬ ᠤᠨ ᠢᠶᠠᠨ ᠬᠦᠭᠵᠢᠯᠳᠡ ᠬᠤᠪᠢᠷᠠᠯᠳᠠ᠂ ᠡᠯᠢᠭᠡᠨ ᠰᠠᠳᠤᠨ | ᠡᠴᠢᠭᠡ ᠲᠦᠮᠡᠨ ᠤ ᠪᠠᠨ ᠬᠠᠶᠢᠷ᠎ᠠ ᠰᠡᠳᠬᠢᠯᠭᠡ᠂ ᠨᠤᠮᠢᠨ ᠨᠤᠭᠤᠭᠠᠨ ᠡᠭᠡ ᠪᠠᠶᠢᠭᠠᠯᠢ ᠶᠢᠨ ᠢᠶᠠᠨ ᠦᠩᠭᠡ ᠦᠵᠡᠮᠵᠢ ᠶᠢ | ᠵᠢᠷᠤᠬᠯᠠᠨ ᠲᠦᠷᠰᠦᠯᠡᠵᠤ᠂ ᠤᠶᠠᠩᠭᠠᠯᠠᠨ ᠨᠠᠶᠢᠷᠠᠭᠤᠯᠤᠬᠰᠠᠨ ᠪᠠᠶᠢᠨ᠎ᠠ᠃ | ᠵᠠᠯᠠᠭᠤ ᠵᠤᠬᠢᠶᠠᠯᠴᠢ ᠮᠠᠨᠳᠤᠬᠤ ᠶᠢᠨ ᠤᠷᠠᠨ ᠵᠤᠬᠢᠶᠠᠯ ᠤᠨ ᠠᠶᠠᠨ ᠤᠯᠠᠮ ᠲᠡᠷᠭᠡᠯᠰᠢᠬᠦ ᠪᠤᠯᠳᠤᠭᠠᠢ︕ | | ︵ᠤ · ᠲᠠᠮᠢᠷ ᠪᠤᠶᠠᠨᠳᠡᠯᠭᠡᠷ︶ |