| 3 ᠰᠠᠷ᠎ᠠ ᠶᠢᠨ 15 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠦᠨᠡᠨᠴᠢ ᠢᠲᠡᠭᠡᠮᠵᠢᠲᠡᠶ | ᠪᠠᠶᠢᠬᠤ ᠶᠢ ᠰᠠᠨᠠᠭᠠᠴᠢᠯᠠᠵᠤ᠂ ᠬᠠᠨᠤᠮᠵᠢᠲᠠᠶ ᠬᠡᠷᠡᠭᠯᠡᠭᠡ ᠶᠢ ᠬᠠᠮᠲᠤ ᠪᠠᠷ ᠴᠣᠭᠴᠠᠯᠠᠶ᠎ᠠ — ᠵᠠᠰᠠᠭ ᠠᠵᠤ ᠠᠬᠤᠶᠢᠯᠠᠯ | ᠬᠠᠮᠵᠢᠯᠴᠠᠨ ᠲᠤᠰᠠᠯᠠᠵᠤ ᠡᠷᠬᠡ ᠪᠠᠨ ᠬᠠᠮᠠᠭᠠᠯᠠᠵᠤ ᠬᠡᠷᠡᠭᠯᠡᠭᠡ ᠶᠢᠨ ᠰᠢᠨ᠎ᠡ ᠠᠮᠢ ᠠᠬᠤᠶ ᠶᠢ ᠬᠠᠮᠲᠤ ᠪᠠᠷ ᠠᠬᠢᠭᠤᠯᠤᠶ᠎ᠠ︾ | ᠭᠡᠬᠦ ᠭᠤᠤᠯ ᠰᠡᠳᠦᠪᠲᠦ ︽3 · 15︾ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠦᠷᠭᠡᠨ ᠣᠯᠠᠨ ᠠᠵᠤ | ᠠᠬᠤᠶᠢᠯᠠᠯ ᠪᠠ ᠬᠤᠲᠠ ᠶᠢᠨ ᠠᠷᠠᠳ ᠣᠷᠣᠯᠴᠠᠵᠤ᠂ ᠭᠠᠵᠠᠷ ᠣᠷᠣᠨ ᠤ ᠬᠡᠷᠡᠭᠯᠡᠭᠡ ᠶᠢᠨ ᠵᠠᠬ᠎ᠠ ᠳᠡᠯᠭᠡᠭᠦᠷ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ᠂ | ᠬᠢᠩᠭᠠᠨ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠵᠧᠤ | ᠴᠢᠩ ᠵᠢᠶᠦ᠋ᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ | ᠱᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠵᠢᠶᠠᠩ ᠪᠸᠢ ᠫᠢᠩ ᠵᠡᠷᠭᠡ ᠠᠶᠢᠮᠠᠭ᠂ ᠬᠤᠰᠢᠭᠤᠨ ᠤ ᠬᠠᠮᠢᠶ᠎ᠠ ᠪᠥᠬᠦᠶ ᠤᠳᠤᠷᠢᠳᠤᠯᠭ᠎ᠠ ᠨᠠᠷ | ᠠᠵᠢᠯᠯᠠᠭ᠎ᠠ ᠳᠤ ᠣᠷᠣᠯᠴᠠᠵᠠᠶ᠃ | ᠠᠵᠢᠯᠯᠠᠭ᠎ᠠ ᠳᠤ᠂ ᠬᠢᠩᠭᠠᠨ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠳᠡᠳ᠋ ᠳᠠᠷᠤᠭ᠎ᠠ ᠵᠧᠤ ᠴᠢᠩ ᠵᠢᠶᠦ᠋ᠨ ᠪᠠᠶᠠᠷ ᠤᠨ ᠦᠭᠡ ᠬᠡᠯᠡᠵᠦ᠂ ᠬᠡᠷᠡᠭᠯᠡᠭᠴᠢᠳ ᠤᠨ ᠡᠷᠬᠡ ᠠᠰᠢᠭ ᠤᠨ | ᠬᠠᠮᠠᠭᠠᠯᠠᠯᠲᠠ ᠶᠢᠨ ᠠᠵᠤ ᠠᠬᠤᠶ ᠶᠢᠨ ᠬᠥᠭᠵᠢᠯᠲᠡ ᠪᠠ ᠨᠡᠶᠢᠭᠡᠮ ᠤᠨ ᠡᠶ᠎ᠡ ᠵᠣᠬᠢᠴᠠᠯ ᠳᠤ ᠦᠵᠡᠭᠦᠯᠬᠦ | ᠵᠠᠩᠭᠢᠯᠠᠭ᠎ᠠ ᠶᠢᠨ ᠠᠴᠢ ᠬᠤᠯᠪᠣᠭᠳᠠᠯ ᠢ ᠴᠢᠬᠤᠯᠠᠴᠢᠯᠠᠬᠤ ᠶᠢᠨ ᠬᠠᠮᠳᠤ ᠣᠳᠣᠬᠠᠨ ᠳᠤ ᠠᠵᠤ ᠠᠬᠤᠶ ᠨᠢᠰᠬᠦ ᠮᠡᠲᠦ | ᠲᠦᠷᠭᠡᠨ ᠬᠥᠭᠵᠢᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠡᠳᠦᠷ ᠢᠷᠡᠬᠦᠶ᠎ᠡ ᠴᠡᠴᠡᠭᠯᠡᠨ ᠬᠥᠭᠵᠢᠵᠦ ᠪᠠᠶᠢᠭ᠎ᠠ ᠪᠣᠯᠬᠤᠷ | ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠬᠤ ᠬᠡᠷᠡᠭᠲᠡᠶ ᠭᠡᠵᠡᠢ᠂ ᠪᠠᠰᠠ ᠠᠵᠤ ᠠᠬᠤᠶᠢᠯᠠᠯ ᠤᠳ ᠢ ᠦᠨᠡᠨᠴᠢ ᠢᠲᠡᠭᠡᠮᠵᠢᠲᠡᠶ ᠪᠠᠷ ᠡᠵᠡᠩᠨᠡᠬᠦ | ᠬᠤᠷᠢᠭ᠎ᠠ ᠱᠤᠭᠤᠮ ᠢ ᠪᠠᠲᠤ ᠰᠠᠬᠢᠬᠤ ᠶᠢ ᠤᠷᠢᠶᠠᠯᠠᠵᠤ᠂ ᠬᠡᠷᠡᠭᠯᠡᠭᠴᠢᠳ ᠢ ᠥᠪᠡᠷ ᠤᠨ ᠡᠷᠬᠡ ᠠᠰᠢᠭ ᠢᠶᠠᠨ | ᠢᠳᠡᠪᠬᠢᠲᠡᠶ ᠪᠠᠷ ᠬᠠᠮᠠᠭᠠᠯᠠᠵᠤ᠂ ᠡᠶ᠎ᠡ ᠵᠣᠬᠢᠴᠠᠯ ᠲᠠᠢ ᠲᠣᠭᠲᠠᠭᠤᠨ ᠬᠡᠷᠡᠭᠯᠡᠭᠡᠨ ᠤ ᠣᠷᠴᠢᠨ ᠨᠥᠬᠦᠴᠡᠯ ᠢ ᠬᠠᠮᠲᠤ ᠪᠠᠷ | ᠪᠤᠶ ᠪᠣᠯᠭᠠᠬᠤ ᠬᠡᠷᠡᠭᠲᠡᠶ ᠭᠡᠵᠦ ᠵᠤᠷᠢᠭᠵᠢᠭᠤᠯᠪᠠ᠃ | ᠳᠠᠷᠠᠭ᠎ᠠ ᠪᠠᠷ ᠨᠢ᠂ ᠵᠢᠶᠠ ᠾᠧ ᠵᠢᠶ᠂ ᠶᠢᠨ ᠬᠤᠩ ᠨᠢᠦ ᠴᠢᠯᠦᠭᠡᠳᠦ ᠳᠡᠯᠭᠡᠭᠦᠷ ᠲᠣᠰ ᠲᠣᠰ ᠬᠢᠩᠭᠠᠨ | ᠠᠶᠢᠮᠠᠭ ᠤᠨ ᠶᠢᠨ ᠰᠢᠶᠠᠩ ᠰᠦ ᠶᠢᠨ ᠦᠢᠯᠡᠰ᠂ ︽ᠰᠢᠶᠤᠤ ᠵᠢᠩ ᠲᠥᠯᠥᠪᠯᠡᠭᠡ︾ ᠶᠢᠨ ᠳᠠᠭᠠᠭᠤᠯᠤᠭᠴᠢ ᠾᠧᠩ | ᠵᠢᠶᠠ ᠵᠢᠮᠢᠰ ᠤᠨ ᠦᠢᠯᠡᠰ᠂ ᠱᠤᠸᠠᠩ ᠶᠢᠩ ᠨᠢᠶᠠᠩ ᠪᠤᠤᠪᠤ ᠵᠡᠷᠭᠡ ᠭᠤᠷᠪᠠᠨ ᠠᠵᠤ ᠠᠬᠤᠶᠢᠯᠠᠯ ᠢ ᠲᠥᠯᠥᠭᠡᠯᠡᠨ | ᠣᠷᠣᠵᠤ ᠰᠠᠭᠤᠬᠤ ᠬᠡᠯᠡᠯᠴᠡᠭᠡᠷ ᠲᠣᠭᠲᠠᠪᠠ᠃ ᠡᠭᠦᠨ ᠤ ᠬᠠᠮᠲᠤ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡᠨ ᠤ ᠨᠡᠶᠢᠭᠡᠮᠯᠢᠭ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ︽ᠰᠢᠶᠤᠤ ᠵᠢᠩ ᠲᠥᠯᠥᠪᠯᠡᠭᠡ︾ ᠶᠢᠨ ᠠᠯᠪᠠᠨ ᠬᠡᠷ ᠤᠨ ᠬᠠᠷᠢᠭᠤᠴᠠᠯᠭᠠᠲᠠᠨ ᠲᠠᠢ ᠬᠠᠮᠲᠤᠷᠠᠯᠴᠠᠭᠠᠨ ᠤ | ᠪᠦᠳᠦᠭᠦᠪᠴᠢ ᠵᠥᠪᠯᠡᠯᠴᠡᠭᠡᠷ ᠲᠣᠭᠲᠠᠵᠤ᠂ ᠠᠵᠢᠯ ᠲᠥᠷᠥᠯ ᠤᠨ ᠬᠤᠭᠤᠷᠣᠨᠳᠣᠬᠢ ᠭᠦᠨᠵᠡᠭᠡᠶ ᠬᠠᠮᠲᠤᠷᠠᠯᠴᠠᠭ᠎ᠠ ᠪᠠ | ᠬᠠᠮᠲᠤ ᠶᠢᠨ ᠬᠥᠭᠵᠢᠯᠲᠡ ᠳᠤ ᠪᠠᠲᠤ ᠰᠠᠭᠤᠷᠢ ᠲᠠᠯᠪᠢᠵᠤ ᠥᠭᠪᠡ᠃ ᠢᠳᠡᠭᠡᠨ ᠤᠮᠳᠠᠭᠠᠨ ᠤ ᠠᠵᠤ ᠠᠬᠤᠶᠢᠯᠠᠯ ᠤᠨ | ᠬᠢᠩᠭᠠᠨ ᠠᠶᠢᠮᠠᠭ ᠤᠨ ᠱᠢ ᠵᠢᠢ ᠪᠠᠭᠤᠳᠠᠯ ᠤᠨ ᠬᠢᠵᠠᠭᠠᠷᠲᠤ ᠺᠣᠮᠫᠠᠨᠢ ᠶᠢᠨ ᠲᠥᠯᠥᠭᠡᠯᠡᠭᠴᠢ ᠭᠤᠤ ᠫᠢᠩ ︽ | ᠵᠠᠬᠢᠶᠠᠯᠠᠭ᠎ᠠ ᠶᠢᠨ ᠮᠥᠩᠭᠦ ᠶᠢ ᠰᠢᠯᠲᠠᠭᠠᠨ ᠥᠬᠡᠶ ᠪᠠᠷ ᠪᠤᠴᠠᠭᠠᠬᠤ ᠢᠯᠡ ᠠᠮᠠᠯᠠᠯᠲᠠ ᠶᠢᠨ ᠪᠢᠴᠢᠭ︾ ᠢ ᠤᠩᠰᠢᠨ | ᠨᠡᠶᠢᠲᠡᠯᠡᠵᠦ᠂ ᠬᠡᠷᠡᠭᠯᠡᠭᠴᠢᠳ ᠲᠤ ᠨᠠᠩ ᠰᠠᠨᠠᠭ᠎ᠠ ᠠᠮᠤᠷ ᠬᠡᠷᠡᠭᠯᠡᠭᠡᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃ ᠲᠣᠰ | ᠠᠵᠢᠯᠯᠠᠭ᠎ᠠ ᠳᠤ ᠪᠠᠰᠠ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠩᠬᠠᠨ ᠤ ᠪᠦᠯᠦᠭ ᠰᠠᠨᠠᠭ᠎ᠠ | ᠠᠮᠤᠷ ᠬᠡᠷᠡᠭᠯᠡᠭᠡ ᠶᠢᠨ ᠠᠮᠠᠯᠠᠯᠲᠠ ᠶᠢᠨ ᠨᠢᠭᠡᠴᠢ ᠳᠤ ᠣᠯᠭᠤᠭᠰᠠᠨ ᠮᠡᠳᠡᠭᠳᠡᠯ︾ ᠢ ᠤᠩᠰᠢᠨ ᠨᠡᠶᠢᠲᠡᠯᠡᠭᠰᠡᠨ ᠪᠥᠭᠡᠳ | ᠲᠤᠬᠠᠶ ᠶᠢᠨ ᠲᠠᠯᠠᠪᠤᠷ ᠲᠤ ︽ᠰᠠᠨᠠᠭ᠎ᠠ ᠠᠮᠤᠷ ᠬᠡᠷᠡᠭᠯᠡᠭᠡ ᠶᠢᠨ ᠠᠮᠠᠯᠠᠯᠲᠠ ᠶᠢᠨ ᠨᠢᠭᠡᠴᠢ︾ ᠳᠤ ᠫᠠᠶᠢᠰᠠ ᠣᠯᠭᠤᠵᠤ᠂ | ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢ ᠵᠣᠷᠢᠭᠵᠢᠭᠤᠯᠵᠠᠶ᠃ | ︽ᠥᠨᠥᠳᠦᠷ ᠤᠨ ᠠᠵᠢᠯᠯᠠᠭ᠎ᠠ ᠨᠢ ︿ᠬᠠᠨᠤᠮᠵᠢᠲᠠᠢ ᠬᠡᠷᠡᠭᠯᠡᠭᠡ ᠶᠢ ᠬᠠᠮᠲᠤᠪᠠᠷ ᠪᠠᠶᠢᠭᠤᠯᠵᠤ᠂ ᠵᠠᠰᠠᠭ ᠠᠵᠤ | ᠠᠬᠤᠶᠢᠯᠠᠯ ᠬᠠᠮᠵᠢᠯᠴᠠᠨ ᠡᠷᠬᠡ ᠪᠠᠨ ᠬᠠᠮᠠᠭᠠᠯᠠᠬᠤ﹀ ᠪᠠᠷ ᠭᠤᠣᠯ ᠪᠣᠯᠭᠠᠵᠤ᠂ ᠵᠠᠰᠠᠭ ᠤᠨ ᠣᠷᠳᠣᠨ ᠢᠶᠠᠷ | ᠭᠤᠣᠯᠯᠠᠭᠤᠯᠤᠭᠰᠠᠨ᠂ ᠠᠵᠤ ᠠᠬᠤᠶᠢᠯᠠᠯ ᠥᠪᠡᠷ ᠢ ᠪᠠᠨ ᠱᠠᠭᠠᠷᠳᠠᠭᠰᠠᠨ᠂ ᠨᠡᠶᠢᠭᠡᠮ ᠠᠴᠠ ᠬᠢᠨᠠᠯᠲᠠ ᠲᠠᠯᠪᠢᠭᠰᠠᠨ | ᠬᠡᠷᠡᠭᠯᠡᠭᠡ ᠶᠢ ᠬᠠᠮᠲᠤᠪᠠᠷ ᠵᠠᠰᠠᠬᠤ ᠰᠢᠨ᠎ᠡ ᠠᠮᠢ ᠠᠬᠤᠢ ᠶᠢ ᠪᠠᠶᠢᠭᠤᠯᠬᠤ ᠪᠠᠷ ᠵᠣᠷᠢᠯᠭ᠎ᠠ ᠪᠣᠯᠭᠠᠵᠠᠢ᠃ ᠲᠠᠷᠠᠭᠠᠴᠢ ᠶᠢᠨ | ᠠᠯᠬᠤᠮ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠡᠯ᠎ᠡ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ | ᠭᠦᠨᠵᠡᠭᠡᠶᠢᠷᠡᠭᠦᠯᠵᠦ᠂ ᠰᠠᠨᠠᠭ᠎ᠠ ᠠᠮᠤᠷ ᠬᠡᠷᠡᠭᠯᠡᠭᠡ ᠶᠢᠨ ᠠᠮᠠᠯᠠᠯᠲᠠ ᠶᠢᠨ ᠨᠢᠭᠡᠴᠢ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠠᠮᠠᠯᠠᠯᠲᠠ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠵᠤ᠂ ᠵᠠᠭᠠᠯᠳᠤᠯᠭ᠎ᠠ ᠶᠢ ᠰᠢᠢᠳᠪᠤᠷᠢᠯᠡᠬᠦ | ᠲᠣᠭᠲᠠᠴᠠ ᠶᠢ ᠰᠢᠯᠢᠳᠡᠭᠵᠢᠭᠦᠯᠦᠨ᠂ ᠡᠷᠬᠡ ᠪᠠᠨ ᠬᠠᠮᠠᠭᠠᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠪᠥᠬᠦ | ᠬᠤᠰᠢᠭᠤᠨ ᠤ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ︾ ᠭᠡᠵᠤ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠲᠢᠶᠠᠨ ᡁᠢ ᠸᠧᠶ | ᠬᠡᠯᠡᠪᠡ᠃ | ᠲᠣᠰ ᠠᠵᠢᠯᠯᠠᠭ᠎ᠠ ᠳᠤ ᠪᠠᠰᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠷᠠᠲᠤ ᠲᠡᠮᠳᠡᠭᠲᠦ | ᠨᠤᠳᠤᠭ ᠤᠨ ᠭᠠᠷᠤᠯᠳᠠ ᠶᠢ ᠳᠡᠯᠭᠡᠨ ᠪᠣᠷᠣᠯᠠᠭᠤᠯᠬᠤ ᠲᠣᠭᠤᠷᠢᠭ᠂ ᠤᠬᠠᠭᠤᠯᠭ᠎ᠠ᠂ ᠠᠰᠠᠭᠤᠨ ᠯᠠᠪᠯᠠᠬᠤ᠂ | ᠵᠠᠭᠠᠯᠳᠤᠯᠭ᠎ᠠ᠂ ᠮᠥᠩᠭᠦᠨ ᠭᠦᠢᠯᠭᠡᠭᠡᠨ ᠢᠶᠠᠷ ᠠᠷᠠᠳ ᠲᠤ ᠠᠰᠢᠭ ᠬᠦᠷᠲᠡᠭᠡᠬᠦ ᠬᠠᠷᠢᠯᠴᠠᠨ ᠬᠥᠳᠡᠯᠦᠯᠴᠡᠬᠦ ᠲᠣᠭᠤᠷᠢᠭ | ᠵᠡᠷᠭᠡ ᠣᠯᠠᠨ ᠤᠬᠠᠭᠤᠯᠭ᠎ᠠ ᠳᠡᠯᠭᠡᠨ ᠪᠣᠷᠣᠯᠠᠭᠤᠯᠭ᠎ᠠ ᠶᠢᠨ ᠲᠣᠭᠤᠷᠢᠭ ᠭᠠᠷᠭᠠᠵᠤ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠤᠨᠴᠠᠯᠢᠬᠳᠤ ᠪᠦᠲᠦᠭᠡᠭᠳᠡᠬᠦᠨ ᠢ ᠳᠡᠯᠭᠡᠨ ᠦᠵᠡᠭᠦᠯᠵᠦ᠂ ᠠᠷᠠᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠪᠠ ᠮᠥᠩᠭᠦᠨ ᠭᠦᠢᠯᠭᠡᠭᠡᠨ ᠤ ᠮᠡᠳᠡᠯᠭᠡ ᠶᠢ ᠨᠠᠩ ᠣᠯᠠᠨ ᠣᠶᠢᠯᠠᠭᠠᠭᠤᠯᠤᠭᠰᠠᠨ ᠮᠥᠷᠲᠡᠭᠡᠨ | ᠪᠠᠰᠠ ᠣᠯᠠᠨ ᠳᠤ ᠨᠠᠩ ᠲᠤᠰᠬᠠᠶ ᠮᠡᠷᠭᠡᠵᠢᠯ ᠤᠨ ᠬᠠᠷᠢᠭᠤᠯᠲᠠ ᠪᠠ ᠡᠷᠬᠡ ᠪᠠᠨ ᠬᠠᠮᠠᠭᠠᠯᠠᠬᠤ ᠠᠷᠭ᠎ᠠ ᠵᠠᠮ | ᠬᠠᠩᠭᠠᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠲᠤᠬᠠᠢ | ᠱᠠᠩᠨᠠᠯ ᠲᠠᠢ ᠠᠰᠠᠭᠤᠯᠲᠠ ᠬᠠᠷᠢᠭᠤᠯᠲᠠ ᠶᠢᠨ ᠠᠵᠢᠯᠯᠠᠭ᠎ᠠ ᠪᠠᠷ ᠲᠤᠬᠠᠶ ᠶᠢᠨ ᠲᠠᠯᠠᠪᠤᠷ ᠲᠤ ᠪᠠᠶᠢᠭᠰᠠᠨ ᠣᠯᠠᠨ | ᠲᠦᠮᠡᠨ ᠳᠤ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠮᠡᠳᠡᠯᠭᠡ ᠶᠢ ᠪᠦᠲᠦᠮᠵᠢᠲᠡᠶ ᠲᠦᠭᠡᠮᠡᠯᠵᠢᠭᠦᠯᠦᠭᠰᠡᠨ ᠪᠠᠶᠢᠨ᠎ᠠ᠃ | ᠤᠯᠠᠭᠠᠨᠬᠤᠲᠠ ᠶᠢᠨ ᠰᠠᠭᠤᠭᠠᠯᠢ ᠠᠷᠠᠳ ᠯᠢ ᠬᠠᠩ᠄ ︽ᠡᠨᠡ ᠬᠦ ᠠᠵᠢᠯᠯᠠᠭ᠎ᠠ ᠨᠢ ᠮᠠᠰᠢ ᠰᠠᠶᠢᠨ᠂ ᠪᠢᠳᠡᠨ ᠳᠤ | ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠮᠠᠰᠢ ᠣᠯᠠᠨ ᠮᠡᠳᠡᠯᠭᠡ ᠶᠢ ᠣᠶᠢᠯᠠᠭᠠᠭᠤᠯᠵᠤ᠂ ᠪᠠᠰᠠ ᠵᠠᠰᠠᠭ ᠤᠨ ᠣᠷᠳᠣᠨ | ᠪᠠ ᠠᠵᠤ ᠠᠬᠤᠶᠢᠯᠠᠯ ᠤᠨ ᠮᠠᠨ ᠤ ᠬᠡᠷᠡᠭᠯᠡᠭᠴᠢᠳ ᠤᠨ ᠡᠷᠬᠡ ᠠᠰᠢᠭ ᠢ ᠪᠠᠲᠤᠯᠠᠬᠤ ᠶᠢᠨ ᠲᠥᠯᠥᠭᠡ ᠭᠠᠷᠭᠠᠭᠰᠠᠨ | ᠴᠢᠷᠮᠠᠶᠢᠯᠭ᠎ᠠ ᠶᠢ ᠣᠯᠵᠤ ᠬᠠᠷᠠᠵᠠᠶ᠂ ᠵᠢᠱᠢᠶᠡᠯᠡᠪᠡᠯ ᠢᠳᠡᠭᠡᠨ ᠤ ᠵᠦᠢᠯ ᠢ ᠰᠢᠯᠭᠠᠨ ᠲᠣᠭᠲᠠᠭᠠᠬᠤ ᠨᠢ ᠪᠢᠳᠡᠨ ᠤ | ᠬᠤᠳᠠᠯᠳᠤᠨ ᠠᠪᠬᠤ ᠳᠤ ᠨᠠᠩ ᠰᠠᠨᠠᠭ᠎ᠠ ᠠᠮᠤᠷ ᠪᠤᠯᠭᠠᠭᠰᠠᠨ ᠪᠠᠶᠢᠨ᠎ᠠ︾ ᠭᠡᠵᠠᠶ᠃ | ᠲᠣᠰ ᠤᠳᠠᠭᠠᠨ ᠤ ᠠᠵᠢᠯᠯᠠᠭ᠎ᠠ ᠶᠢ ᠠᠶᠢᠮᠠᠭ᠂ ᠬᠤᠰᠢᠭᠤᠨ ᠤ ᠣᠯᠠᠨ ᠪᠠᠶᠢᠭᠤᠯᠭ᠎ᠠ ᠨᠢᠭᠡᠴᠢ ᠬᠠᠮᠲᠤᠷᠠᠨ | ᠡᠷᠭᠢᠯᠡᠵᠦ᠂ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠡᠷᠡᠭᠯᠡᠭᠴᠢᠳ᠂ ᠠᠵᠤ ᠠᠬᠤᠶᠢᠯᠠᠯ ᠪᠠ | ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ ᠨᠡᠪᠲᠡᠷᠡᠯᠴᠡᠨ ᠰᠣᠯᠢᠯᠴᠠᠬᠤ ᠲᠠᠪᠴᠠᠩ ᠪᠠᠶᠢᠭᠤᠯᠤᠨ ᠥᠭᠴᠦ᠂ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠦᠨᠡᠨᠴᠢ | ᠢᠲᠡᠭᠡᠮᠵᠢᠲᠡᠶ ᠪᠠᠷ ᠡᠵᠡᠩᠨᠡᠬᠦ ᠶᠢ ᠠᠬᠢᠭᠤᠯᠤᠭᠰᠠᠨ ᠢᠶᠠᠷ ᠪᠠᠷᠠᠬᠤ ᠥᠬᠡᠶ ᠪᠠᠰᠠ ᠡᠶ᠎ᠡ ᠵᠣᠬᠢᠴᠠᠯ ᠲᠠᠢ᠂ ᠡᠮᠬᠢ | ᠵᠢᠷᠤᠮ ᠲᠠᠢ᠂ ᠴᠡᠴᠡᠭᠯᠡᠨ ᠬᠥᠭᠵᠢᠭᠰᠡᠨ ᠬᠡᠷᠡᠭᠯᠡᠭᠡᠨ ᠤ ᠰᠢᠨ᠎ᠡ ᠠᠮᠢ ᠠᠬᠤᠶ ᠶᠢ ᠪᠠᠶᠢᠭᠤᠯᠬᠤ ᠳᠤ ᠪᠠᠲᠤ ᠪᠠᠬᠢ | ᠰᠠᠭᠤᠷᠢ ᠶᠢ ᠲᠠᠯᠪᠢᠭᠰᠠᠨ ᠪᠠᠶᠢᠨ᠎ᠠ᠃ |