ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/18
      3 ᠰᠠᠷ᠎ᠠ ᠶᠢᠨ 17 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠬᠤᠷᠠᠯ ᠵᠢᠴᠢ ᠠᠮᠢ ᠠᠬᠤᠶ ᠣᠷᠴᠢᠨ ᠲᠣᠭᠤᠷᠢᠨ ᠤ ᠭᠤᠤᠯᠳᠠᠯᠭ᠎ᠠ ᠲᠠᠢ ᠠᠩᠬᠠᠷᠴᠤ ᠪᠠᠶᠢᠭ᠎ᠠ ᠬᠦᠷᠢᠶᠡᠨ ᠳᠠᠬᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠦ ᠲᠤᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠨᠢᠦ ᠶᠤᠸᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᡁᠢ ᠪᠢᠶᠤᠤ ᠵᠢᠴᠢ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠶ᠃    ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠡᠷᠬᠡᠪᠰᠢ ︽ᠤᠯᠤᠰ ᠤᠨ ᠲᠣᠮᠣ ᠶᠠᠪᠤᠳᠠᠯ︾ ᠢ ᠢᠮᠠᠭᠲᠠ ᠪᠠᠲᠤ ᠴᠡᠭᠡᠵᠢᠯᠡᠨ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠶ ᠪᠣᠯᠭᠠᠵᠤ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠪᠣᠯᠤᠨ ᠠᠮᠢ ᠠᠬᠤᠢ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠵᠡᠷᠭᠡ ᠶᠢ ᠭᠤᠣᠯᠳᠠᠯᠭ᠎ᠠ ᠲᠠᠢ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠭᠤᠣᠯᠳᠠᠯᠭ᠎ᠠ ᠪᠠᠨ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠤᠨ᠂ ᠠᠶᠤᠯ ᠲᠦᠭᠰᠢᠭᠦᠷᠢ ᠶᠢᠨ ᠬᠡᠮ ᠰᠣᠭᠤᠭ ᠢ ᠠᠷᠢᠯᠭᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠶᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠬᠦᠴᠦᠲᠡᠶ ᠭᠠᠷᠳᠠᠴᠠ ᠪᠣᠯᠭᠠᠵᠤ ᠂ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠰᠠᠶᠢᠵᠢᠷᠠᠭᠤᠯᠬᠤ ᠪᠠ ᠠᠰᠠᠭᠤᠳᠠᠯ ᠢ ︽ᠡᠷᠬᠢᠨ ᠬᠠᠷᠠᠬᠤ︾ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠬᠠᠷᠠᠬᠠᠨ ᠪᠡᠶᠡᠯᠡᠭᠦᠯᠦᠭᠡᠳᠦᠶ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠨ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠰᠠᠶᠢᠲᠤᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    ᠬᠤᠷᠠᠯ ᠠᠴᠠ᠂ ᠡᠯ᠎ᠡ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠪᠠᠴᠢᠮ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠱᠠᠯᠠᠪᠳᠠᠨ ᠬᠥᠳᠡᠯᠦᠯᠴᠡᠵᠦ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠳᠠᠰᠤᠷᠠᠯᠳᠠ ᠦᠭᠡᠢ ᠨᠠᠷᠢᠯᠢᠬᠵᠢᠭᠤᠯᠣᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠷᠭ᠎ᠠ ᠪᠠᠷᠢᠯ ᠢ ᠬᠡᠷᠡᠭᠯᠡᠬᠦ ᠪᠠᠨ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠵᠦ᠂ ᠪᠣᠳᠠᠲᠠᠢ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠬᠦ ᠬᠡᠷᠡᠭᠲᠡᠢ᠃ ᠡᠭᠦᠨ ᠤ ᠬᠠᠮᠲᠤ᠂ ᠨᠢᠭᠡᠳᠦᠭᠡᠷ ᠭᠠᠷ ᠪᠡᠶ᠎ᠡ ᠪᠠᠷ ᠢᠶᠠᠨ ᠠᠳᠬᠤᠵᠤ᠂ ᠪᠣᠳᠠᠲᠠᠢ ᠠᠳᠬᠤᠵᠤ᠂ ᠡᠴᠦᠰ ᠲᠤᠨᠢ ᠲᠤᠯᠲᠠᠯ᠎ᠠ ᠠᠳᠬᠤᠵᠤ᠂ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠠᠰᠠᠭᠤᠳᠠᠯ ᠢ ᠰᠠᠶᠢᠲᠤᠷ ᠰᠢᠢᠳᠪᠦᠷᠢᠯᠡᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠶᠡᠭᠡ ᠪᠠᠷ ᠪᠠᠶᠢᠴᠠᠭᠠᠵᠤ ᠶᠡᠭᠡ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠭᠰᠠᠨ ᠪᠠᠶᠢᠳᠠᠯ ᠵᠢᠴᠢ ᠲᠥᠪ ᠤᠨ ᠭᠤᠷᠪᠠᠳᠤᠭᠠᠷ ᠡᠭᠡᠯᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠭᠤᠤᠯᠳᠠᠯᠭ᠎ᠠ ᠲᠠᠢ ᠠᠩᠬᠠᠷᠴᠤ ᠪᠠᠶᠢᠭ᠎ᠠ ᠬᠦᠷᠢᠶᠡᠨ ᠳᠠᠬᠢ ᠥᠪᠡᠷᠲᠡᠭᠡᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号