| 3 ᠰᠠᠷ᠎ᠠ ᠶᠢᠨ 14 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠳᠠᠷᠠᠩᠭᠤᠢ ᠪᠠᠭ᠎ᠠ | ᠰᠤᠷᠭᠠᠭᠤᠯᠢ ᠳᠤ ︽ᠡᠨᠡᠷᠢᠯᠳᠦ ᠡᠵᠢ ᠶᠢᠨ ᠬᠠᠶᠢᠷ᠎ᠠ ᠬᠠᠯᠠᠮᠵᠢ︾ ᠶᠢᠨ ᠪᠦᠯᠭᠦᠮ ᠤᠨ ᠬᠢᠨ ᠬᠠᠨᠳᠢᠪᠯᠠᠬᠤ ᠠᠵᠢᠯᠯᠠᠭ᠎ᠠ | ᠦᠷᠨᠢᠭᠦᠯᠵᠦ᠂ ᠪᠦᠬᠦ ᠰᠤᠷᠭᠠᠭᠤᠯᠢ ᠶᠢᠨ ᠰᠤᠷᠤᠭᠴᠢᠳ ᠲᠤ ᠬᠠᠯᠠᠭᠤᠨ ᠳᠤᠯᠠᠭᠠᠨ ᠪᠠ ᠬᠦᠰᠡᠯ ᠡᠷᠡᠮᠡᠯᠵᠡᠯ ᠢ | ᠠᠪᠴᠢᠷᠠᠵᠤ ᠥᠭᠴᠡᠢ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ︽ᠡᠨᠡᠷᠢᠯᠳᠦ ᠡᠵᠢ ᠶᠢᠨ ᠬᠠᠶᠢᠷ᠎ᠠ ᠬᠠᠯᠠᠮᠵᠢ︾ ᠶᠢᠨ | ᠪᠦᠯᠭᠦᠮ ᠤᠨ ᠭᠡᠰᠢᠭᠦᠨ ᠨᠡᠷ ᠰᠤᠷᠭᠠᠭᠤᠯᠢ ᠳᠤ ᠪᠠᠶᠢᠭ᠎ᠠ ᠰᠤᠷᠤᠭᠴᠢ ᠨᠢᠭᠡᠪᠦᠷᠢ ᠳᠤ ᠨᠢᠭᠡ ᠢᠵᠢ ᠰᠤᠷᠭᠠᠭᠤᠯᠢ ᠶᠢᠨ | ᠬᠤᠪᠴᠠᠰᠤ ᠬᠠᠨᠳᠢᠪᠯᠠᠵᠤ᠂ ᠪᠠᠰᠠ ᠭᠡᠷ ᠪᠦᠯᠢ ᠨᠢ ᠬᠦᠴᠢᠷᠳᠡᠯᠲᠡᠢ 20 ᠰᠤᠷᠤᠭᠴᠢ ᠳᠤ ᠬᠥᠮᠦᠨ ᠪᠦᠷᠢ ᠳᠤ | 1000 ᠲᠥᠭᠦᠷᠢᠭ ᠤᠨ ᠬᠠᠨᠳᠢᠪᠯᠠᠯ ᠤᠨ ᠮᠥᠩᠭᠦ ᠥᠭᠴᠦ᠂ ᠡᠳᠡᠭᠡᠷ ᠬᠡᠦᠬᠡᠳ ᠲᠤ ᠦᠨᠡᠨ ᠪᠣᠳᠠᠲᠠᠢ | ᠬᠠᠪᠰᠤᠷᠤᠯᠭ᠎ᠠ ᠦᠵᠡᠭᠦᠯᠪᠡ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠳᠠᠷᠠᠩᠭᠤᠢ ᠪᠠᠭ᠎ᠠ ᠰᠤᠷᠭᠠᠭᠤᠯᠢ ᠶᠢᠨ ᠬᠢᠨ ︽ | ᠡᠨᠡᠷᠢᠯᠳᠦ ᠡᠵᠢ ᠶᠢᠨ ᠬᠠᠶᠢᠷ᠎ᠠ ᠬᠠᠯᠠᠮᠵᠢ︾ ᠶᠢᠨ ᠪᠦᠯᠭᠦᠮ ᠳᠤ ᠬᠡᠮᠡᠷᠯᠢᠭ ᠲᠤᠭ ᠪᠡᠯᠡᠭᠯᠡᠵᠦ᠂ ᠢᠷᠠᠭᠤ ᠠᠯᠳᠠᠷ ᠤᠨ | ᠦᠨᠡᠮᠯᠡᠯ ᠭᠠᠷᠳᠠᠭᠤᠯᠪᠠ᠃ | ︽ᠪᠢ ᠪᠥᠬᠦ ᠪᠠᠭᠰᠢ ᠰᠤᠷᠤᠭᠴᠢᠳ ᠢᠶᠠᠨ ᠲᠥᠯᠥᠭᠡᠯᠡᠨ ︿ᠡᠨᠡᠷᠢᠯᠳᠦ ᠡᠵᠢ ᠶᠢᠨ ᠬᠠᠶᠢᠷ᠎ᠠ ᠬᠠᠯᠠᠮᠵᠢ﹀ | ᠪᠦᠯᠬᠦᠮ ᠤᠨ ᠪᠥᠬᠦ ᠭᠡᠰᠢᠭᠦᠳ ᠲᠤ ᠴᠢᠩ ᠰᠡᠳᠭᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠂ ᠬᠤᠶᠢᠰᠢᠳᠠ | ᠪᠢᠳᠡ ᠬᠥᠳᠡᠭᠡ ᠲᠣᠰᠬᠤᠨ ᠤ ᠰᠤᠷᠭᠠᠨ ᠬᠥᠮᠦᠵᠢᠯ ᠢ ᠥᠩᠭᠡᠷᠡᠭᠰᠡᠨ ᠲᠠᠢ ᠪᠠᠨ ᠠᠳᠠᠯᠢ ᠪᠠᠷ ᠰᠠᠶᠢᠲᠤᠷ ᠬᠢᠵᠦ᠂ | ᠬᠥᠳᠡᠭᠡ ᠲᠣᠰᠬᠤᠨ ᠤ ᠬᠡᠤᠬᠡᠳ ᠲᠤ ᠬᠡᠷ ᠤᠨ ᠡᠭᠦᠳᠡᠨ ᠳᠤᠨᠢ ᠰᠢᠯᠢᠳᠡᠭ ᠰᠤᠷᠭᠠᠨ ᠬᠥᠮᠦᠵᠢᠯ ᠬᠦᠷᠲᠡᠭᠡᠨ᠎ᠡ︾ ᠭᠡᠵᠦ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠳᠠᠷᠠᠩᠭᠤᠢ ᠪᠠᠭ᠎ᠠ ᠰᠤᠷᠭᠠᠭᠤᠯᠢ ᠶᠢᠨ ᠵᠠᠬᠢᠷᠤᠯ ᠪᠠᠢ ᠯᠢᠦ | ᠳ᠋ᠧ ᠰᠡᠳᠬᠢᠯ ᠳᠣᠭᠳᠣᠯᠤᠨ ᠬᠡᠯᠡᠪᠡ᠃ | ᠣᠶᠢᠯᠠᠭᠠᠭᠰᠠᠨ ᠢᠶᠠᠷ᠂ ︽ᠡᠨᠡᠷᠢᠯᠳᠦ ᠡᠵᠢ ᠶᠢᠨ ᠬᠠᠶᠢᠷ᠎ᠠ ᠬᠠᠯᠠᠮᠵᠢ ︾ ᠶᠢᠨ ᠪᠦᠯᠬᠦᠮ ᠪᠣᠯ ᠪᠥᠬᠦ ᠤᠯᠤᠰ ᠤᠨ | ᠡᠯ᠎ᠡ ᠭᠠᠵᠠᠷ ᠤᠨ ᠬᠠᠶᠢᠷ᠎ᠠ ᠬᠠᠯᠠᠮᠵᠢ ᠶᠢᠨ ᠬᠥᠮᠦᠰ ᠤᠨ ᠥᠪᠡᠷᠰᠡᠳ ᠢᠶᠠᠨ ᠵᠣᠬᠢᠶᠠᠨ ᠪᠠᠶᠢᠭᠤᠯᠤᠭᠰᠠᠨ ᠬᠠᠶᠢᠷ᠎ᠠ | ᠬᠠᠯᠠᠮᠵᠢ ᠶᠢᠨ ᠪᠦᠯᠬᠦᠮ ᠮᠥᠨ᠂ ᠪᠦᠯᠬᠦᠮ ᠨᠢ ᠬᠦᠴᠢᠷᠳᠡᠯ ᠲᠠᠢ ᠡᠳᠡᠭᠡᠳ ᠢ ᠲᠣᠭᠲᠠᠮᠠᠯ ᠬᠤᠭᠤᠴᠠᠭ᠎ᠠ ᠲᠠᠢ ᠪᠤᠶᠤ | ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠰᠠᠯᠠᠳᠠᠭ᠃ ︽ᠡᠨᠡᠷᠢᠯᠳᠦ ᠡᠵᠢ ᠶᠢᠨ ᠬᠠᠶᠢᠷ᠎ᠠ ᠬᠠᠯᠠᠮᠵᠢ ︾ ᠶᠢᠨ | ᠪᠦᠯᠬᠦᠮ ᠤᠨ ᠳᠠᠷᠤᠭ᠎ᠠ ᠳᠠᠭᠤᠯᠠ᠄ ︽︿ ᠡᠨᠡᠷᠢᠯᠳᠦ ᠡᠵᠢ ᠶᠢᠨ ᠬᠠᠶᠢᠷ᠎ᠠ ᠬᠠᠯᠠᠮᠵᠢ﹀ ᠶᠢᠨ ᠪᠦᠯᠬᠦᠮ ᠳᠤ ᠣᠲᠣ | 371 ᠭᠡᠰᠢᠭᠦᠨ ᠲᠠᠢ᠂ ᠡᠲᠡᠭᠡᠷ ᠬᠤᠪᠴᠠᠰᠤ ᠬᠤᠨᠠᠷ ᠪᠠ ᠬᠠᠨᠳᠢᠪᠯᠠᠯ ᠤᠨ ᠮᠥᠩᠭᠦ ᠨᠢ ᠮᠠᠯᠵᠢᠬᠤ ᠲᠠᠷᠢᠶᠠᠯᠠᠬᠤ | ᠣᠷᠣᠨ ᠤ ᠬᠡᠤᠬᠡᠳ ᠤᠨ ᠲᠤᠯᠭᠠᠮ᠎ᠠ ᠠᠰᠠᠭᠤᠳᠠᠯ ᠢ ᠰᠢᠢᠳᠪᠤᠷᠢᠯᠡᠵᠦ ᠥᠭᠬᠦ ᠶᠢ ᠬᠦᠰᠡᠵᠦ ᠪᠠᠶᠢᠨ᠎ᠠ᠂ ︿ᠡᠨᠡᠷᠢᠯᠳᠦ | ᠡᠵᠢ ᠶᠢᠨ ᠬᠠᠶᠢᠷ᠎ᠠ ᠬᠠᠯᠠᠮᠵᠢ﹀ ᠶᠢᠨ ᠪᠦᠯᠬᠦᠮ ᠤᠨ ᠬᠢᠨ ᠬᠦᠴᠢᠷᠳᠡᠯ ᠲᠠᠢ ᠡᠳᠡᠭᠡᠳ ᠢ ᠦᠷᠭᠦᠯᠵᠢᠯᠡᠨ ᠠᠩᠬᠠᠷᠴᠤ | ᠲᠤᠰᠠᠯᠠᠮᠵᠢ ᠦᠵᠡᠭᠦᠯᠤᠨ᠎ᠡ︾ ᠭᠡᠵᠡᠶ᠃ | |