ᠭᠦᠢᠯᠡᠷ ᠪᠠᠯᠭᠠᠰᠤᠨ ᠤ ᠬᠦᠯᠡᠮᠵᠢ ᠳᠠᠬᠢ ᠴᠢᠬᠢ ᠪᠤᠶᠢᠵᠢᠭᠤᠯᠬᠤ ᠠᠵᠢᠯᠯᠠᠭ᠎ᠠ ᠬᠦᠭᠵᠢᠶᠡᠨ ᠲᠠᠢ ᠪᠠᠶᠢᠨ᠎ᠠ
ᠨᠡᠶᠢᠲᠡᠯᠡᠭᠰᠡᠨ ᠴᠠᠭ᠄
2025/3/19
     3 ᠰᠠᠷ᠎ᠠ ᠶᠢᠨ 17 ᠤ ᠡᠳᠦᠷ᠂ ᠰᠤᠷᠪᠤᠯᠵᠢᠯᠠᠭᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠦᠢᠯᠡᠷ ᠪᠠᠯᠭᠠᠰᠤᠨ ᠤ ᠬᠤᠶᠢᠳᠦ ᠮᠢᠨ ᠾᠧ ᠭᠠᠴᠠᠭ᠎ᠠ ᠶᠢᠨ ᠢᠳᠡᠰᠢᠨ ᠨᠣᠭᠤᠭᠠᠨ ᠤ ᠬᠦᠯᠡᠮᠵᠢ ᠶᠢᠨ ᠲᠣᠭᠤᠷᠢᠭ  ᠢᠶᠠᠷ ᠬᠦᠷᠬᠦ ᠳᠤ᠂ ᠴᠢᠬᠢ ᠪᠤᠶᠢᠵᠢᠭᠤᠯᠬᠤ ᠬᠦᠯᠡᠮᠵᠢ ᠳᠤ ᠬᠠᠪᠤᠷ ᠤᠨ ᠠᠭᠤᠷ ᠠᠮᠢᠰᠬᠤᠯ ᠪᠢᠯᠬᠠᠵᠤ᠂ ᠯᠠᠵᠤᠤ᠂ ᠴᠠᠭᠠᠨ ᠨᠣᠭᠤᠭ᠎ᠠ᠂ ᠲᠥᠪᠡᠳ ᠬᠠᠰᠢ ᠶᠢᠨ ᠴᠢᠬᠢ ᠨᠤᠭᠤᠭᠠᠷᠠᠵᠤ᠂ ᠭᠠᠴᠠᠭᠠᠨ ᠤ ᠠᠷᠠᠳ ᠬᠦᠷ ᠬᠥᠭᠵᠢᠶᠡᠨ ᠲᠠᠢ ᠬᠥᠳᠡᠯᠮᠦᠷᠢᠯᠡᠵᠦ᠂ ᠴᠢᠬᠢ ᠪᠤᠶᠢᠵᠢᠭᠤᠯᠬᠤ ᠬᠠᠶᠢᠷᠴᠠᠭ ᠢ ᠬᠦᠯᠡᠮᠵᠢ ᠳᠤ ᠲᠡᠷᠢ ᠲᠡᠭᠰᠢ ᠲᠠᠯᠪᠢᠨ ᠤᠯᠠᠨ ᠢᠶᠠᠷ ᠢᠶᠠᠨ ᠶᠠᠭᠠᠷᠠᠯᠲᠠᠢ ᠶᠠᠷᠢᠯᠴᠠᠵᠤ᠂ ᠦᠭᠡ ᠶᠠᠷᠢᠶ᠎ᠠ ᠨᠢ ᠡᠯᠪᠡᠭ ᠬᠤᠷᠢᠶᠠᠯᠲᠠ ᠶᠢᠨ ᠲᠤᠬᠠᠢ ᠬᠦᠰᠡᠯ ᠡᠷᠡᠮᠡᠯᠵᠡᠯ ᠢᠶᠠᠷ ᠪᠢᠯᠬᠠᠨ᠎ᠠ᠃     ᠬᠤᠶᠢᠳᠤ ᠮᠢᠨ ᠾᠧ ᠭᠠᠴᠠᠭ᠎ᠠ ᠶᠢᠨ ᠨᠠᠮ ᠤᠨ ᠡᠭᠦᠷ ᠤᠨ ᠱᠦᠵᠢ ᠸᠠᠩ ᠴᠠᠩ ᠬᠤᠢ᠄ ︽ᠮᠠᠨ ᠤ ᠭᠠᠴᠠᠭ᠎ᠠ ᠳᠤ ᠨᠡᠶᠢᠲᠡ 176 ᠲᠣᠮᠣ ᠬᠦᠯᠡᠮᠵᠢ ᠲᠠᠢ᠂ ᠡᠭᠦᠨ ᠳᠤ 8 ᠴᠢᠬᠢ ᠪᠤᠶᠢᠵᠢᠭᠤᠯᠬᠤ ᠬᠦᠯᠡᠮᠵᠢ ᠲᠠᠢ᠂ ᠣᠲᠣ ᠶᠠᠭ ᠬᠠᠪᠤᠷ ᠤᠨ ᠤᠯᠠᠷᠢᠯ ᠤᠨ ᠴᠢᠬᠢ ᠪᠤᠶᠢᠵᠢᠭᠤᠯᠬᠤ ᠴᠠᠭ ᠪᠣᠯᠵᠣ ᠪᠠᠶᠢᠨ᠎ᠠ᠂ ᠡᠨᠡ 8 ᠴᠢᠬᠢ ᠪᠤᠶᠢᠵᠢᠭᠤᠯᠬᠤ ᠬᠦᠯᠡᠮᠵᠢ ᠨᠢᠭᠡᠨᠲᠡ ᠠᠵᠢᠯ ᠢᠶᠠᠨ ᠡᠬᠢᠯᠡᠬᠦᠯᠵᠡᠢ᠃ ᠲᠠᠷᠢᠮᠠᠯ ᠤᠨ ᠡᠷᠦᠬᠡ ᠪᠦᠷᠢ ᠴᠢᠬᠢ ᠪᠤᠶᠢᠵᠢᠭᠤᠯᠬᠤ ᠬᠤᠭᠤᠴᠠᠭᠠᠨ ᠳᠤ 5 — 6 ᠲᠦᠮᠡᠨ ᠲᠥᠭᠦᠷᠢᠭ ᠤᠨ ᠣᠷᠣᠯᠭ᠎ᠠ ᠲᠠᠢ ᠪᠥᠭᠡᠳ ᠲᠣᠰ ᠭᠠᠵᠠᠷ ᠤᠨ ᠭᠠᠴᠠᠭᠠᠨ ᠤ ᠠᠷᠠᠳ ᠢ ᠬᠥᠯᠥᠰᠥᠯᠡᠨ ᠣᠷᠣᠯᠭ᠎ᠠ ᠶᠢ ᠨᠢ ᠨᠡᠮᠡᠭᠳᠡᠭᠦᠯᠵᠦ ᠪᠠᠶᠢᠨ᠎ᠠ︾ ᠭᠡᠵᠡᠶ᠃    ᠣᠶᠢᠯᠠᠭᠠᠭᠰᠠᠨ ᠢᠶᠠᠷ᠂ ᠬᠤᠶᠢᠳᠤ ᠮᠢᠨ ᠾᠧ ᠭᠠᠴᠠᠭ᠎ᠠ ᠶᠢᠨ ᠢᠳᠡᠰᠢᠨ ᠨᠣᠭᠤᠭᠠᠨ ᠤ ᠬᠦᠯᠡᠮᠵᠢ ᠶᠢᠨ ᠬᠦᠷᠢᠶᠡᠯᠡᠩ ᠲᠣᠭᠤᠷᠢᠭ ᠲᠤ 6 ᠰᠠᠷ᠎ᠠ ᠶᠢᠨ ᠰᠡᠭᠦᠯᠴᠢ ᠪᠠᠷ ᠬᠠᠪᠤᠷ ᠤᠨ ᠤᠯᠠᠷᠢᠯ ᠤᠨ ᠴᠢᠬᠢ ᠪᠤᠶᠢᠵᠢᠭᠤᠯᠬᠤ ᠠᠵᠢᠯ ᠢ ᠳᠠᠭᠤᠰᠬᠠᠵᠤ᠂ ᠪᠤᠶᠢᠵᠢᠭᠤᠯᠤᠭᠰᠠᠨ 500 — 600 ᠲᠦᠮᠡᠨ ᠰᠠᠭᠤᠷᠢ ᠢᠳᠡᠰᠢᠨ ᠨᠣᠭᠤᠭᠠᠨ ᠤ ᠴᠢᠬᠢ ᠶᠢ ᠴᠢᠴᠢᠬᠠᠷ᠂ ᠬᠠᠶᠢᠯᠠᠷ ᠵᠡᠷᠭᠡ ᠡᠷᠬᠢᠨ ᠲᠣᠭᠤᠷᠢᠨ ᠤ ᠭᠠᠵᠠᠷ ᠣᠷᠣᠨ ᠳᠤ ᠪᠤᠷᠤᠯᠠᠭᠤᠯᠵᠤ᠂ ᠲᠤᠬᠠᠶ ᠶᠢᠨ ᠭᠠᠵᠠᠷ ᠤᠨ 10 ᠭᠠᠷᠤᠶ ᠭᠠᠴᠠᠭᠠᠨ ᠤ ᠠᠷᠠᠳ ᠬᠦᠷᠢᠶᠡᠯᠡᠩ ᠲᠣᠭᠤᠷᠢᠭ ᠲᠤ ᠠᠵᠢᠯ ᠬᠥᠳᠡᠯᠮᠦᠷᠢ ᠬᠢᠵᠦ᠂ ᠬᠥᠮᠦᠨ ᠪᠦᠷᠢ ᠡᠳᠦᠷ ᠲᠤ 120 ᠲᠥᠭᠦᠷᠢᠭ ᠤᠨ ᠣᠷᠣᠯᠭ᠎ᠠ ᠤᠯᠬᠤ ᠪᠣᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号