| ᠤᠶᠢᠷ᠎ᠠ ᠶᠢᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠤᠯᠢ ᠴᠠᠭᠠᠵᠠ ᠶᠢᠨ | ᠲᠣᠪᠴᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠪᠠᠷ᠂ ᠬᠤᠰᠢᠭᠤᠨ ᠤ ᠠᠯᠪᠠᠨ ᠭᠡᠷᠡᠴᠢᠯᠡᠭᠡ ᠶᠢᠨ ᠭᠠᠵᠠᠷ ᠤᠨ ᠬᠢᠨ | ᠠᠵᠢᠯᠲᠠᠨ ᠳᠤᠮᠢᠯᠠᠨ ᠪᠢ ᠬᠦᠶ ᠶᠤᠸᠠᠨ ᠨᠡᠶᠢᠭᠡᠮ ᠲᠣᠭᠤᠷᠢᠭ ᠤᠨ ᠨᠠᠮ ᠤᠨ ᠭᠡᠰᠢᠬᠦᠨ ᠤᠯᠠᠨ ᠲᠦᠮᠡᠨ ᠳᠤ | ᠦᠢᠯᠡᠴᠢᠯᠡᠬᠦ ᠲᠦᠪ ᠢᠶᠠᠷ ᠬᠦᠨᠵᠡᠭᠡᠶᠢᠷᠡᠬᠦᠯᠵᠦ᠂ ᠲᠤᠰᠬᠠᠶ ᠮᠡᠷᠭᠡᠵᠢᠯ ᠤᠨ᠂ ᠥᠨᠳᠥᠷ ᠪᠦᠲᠦᠮᠵᠢᠲᠡᠶ᠂ ᠠᠷᠠᠳ ᠲᠤ | ᠲᠥᠬᠦᠮ ᠦᠵᠡᠭᠦᠯᠬᠦ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠶᠢ ᠰᠠᠭᠤᠭᠠᠯᠢ ᠠᠷᠠᠳ ᠤᠨ ᠡᠭᠦᠳᠡᠨ ᠳᠤ ᠬᠦᠷᠭᠡᠪᠡ᠃ | ᠡᠨᠡ ᠨᠢ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠤᠯᠠᠮ ᠨᠢᠭᠡ ᠠᠯᠬᠤᠮ | ᠲᠡᠭᠦᠯᠳᠡᠷᠵᠢᠭᠰᠡᠨ ᠢ ᠬᠠᠷᠠᠭᠤᠯᠵᠤ ᠪᠠᠶᠢᠬᠤ ᠪᠠᠷ ᠪᠠᠷᠠᠬᠤ ᠦᠭᠡᠢ᠂ ᠨᠡᠩ ᠴᠤ ᠨᠠᠮ ᠤᠨ ᠪᠠᠶᠢᠭᠤᠯᠤᠯᠲᠠ ᠪᠠᠷ | ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠠᠮᠢᠳᠤᠯᠢᠭ ᠦᠢᠯᠡᠳᠦᠯᠭᠡ ᠪᠣᠯᠤᠭᠰᠠᠨ ᠪᠠᠶᠢᠨ᠎ᠠ᠃ | ᠳᠤᠰ ᠤᠳᠠᠭᠠᠨ ᠤ ᠠᠵᠢᠯᠯᠠᠭ᠎ᠠ ᠨᠢ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠪᠠᠷ ᠵᠤᠷᠢᠯᠭ᠎ᠠ ᠪᠤᠯᠭᠠᠭᠰᠠᠨ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠠᠯᠪᠠᠨ ᠭᠡᠷᠡᠴᠢᠯᠡᠭᠡ ᠶᠢᠨ ᠭᠠᠵᠠᠷ ᠤᠨ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ | ᠦᠢᠯᠡᠳᠦᠯᠭᠡ ᠶᠢᠨ ᠠᠵᠢᠯᠯᠠᠭ᠎ᠠ ᠶᠢᠨ ᠴᠢᠬᠤᠯᠠ ᠠᠷᠭ᠎ᠠ ᠬᠡᠮᠵᠢᠶ᠎ᠡ ᠶᠢᠨ ᠨᠢᠬᠡ ᠨᠢ ᠪᠣᠯᠤᠨ᠎ᠠ᠃ ᠠᠯᠪᠠᠨ | ᠭᠡᠷᠡᠴᠢᠯᠡᠭᠡ ᠶᠢᠨ ᠦᠢᠯᠡᠴᠢᠯᠡᠭᠡᠨ ᠨᠢ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠴᠢᠬᠤᠯᠠ | ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠠᠷᠠᠳ ᠢᠷᠭᠡᠳ᠂ ᠬᠠᠤᠯᠢ ᠶᠢᠨ ᠡᠷᠬᠡᠲᠡᠨ ᠪᠣᠯᠤᠨ ᠪᠤᠰᠤᠳ | ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠯ ᠲᠠᠢ | ᠪᠥᠭᠡᠳ ᠲᠣᠭᠲᠠᠭᠤᠨ ᠪᠠᠶᠢᠬᠤ ᠶᠢ ᠠᠬᠢᠭᠤᠯᠬᠤ ᠲᠠᠯ᠎ᠠ ᠪᠠᠷ ᠯᠤᠳᠦ ᠶᠡᠭᠡ ᠦᠢᠯᠡᠳᠦᠯ ᠲᠠᠢ ᠪᠠᠶᠢᠳᠠᠭ ᠶᠤᠮ᠃ | ᠠᠯᠪᠠᠨ ᠭᠡᠷᠡᠴᠢᠯᠡᠭᠡ ᠶᠢᠨ ᠭᠠᠷ ᠬᠦᠢᠴᠡᠳᠭᠡᠯ ᠤᠨ ᠠᠯᠬᠤᠮ ᠶᠠᠪᠤᠴᠠ ᠨᠢ ᠪᠤᠳᠤᠯᠢᠶᠠᠨᠳᠠᠢ ᠠᠰᠠᠭᠤᠳᠠᠯ ᠳᠤ | ᠴᠢᠭᠯᠡᠬᠦᠯᠤᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠪᠣᠯᠤᠨ | ᠬᠠᠮᠢᠶ᠎ᠠ ᠪᠦᠬᠦᠢ ᠰᠠᠯᠠᠭ᠎ᠠ ᠮᠥᠴᠢᠷ ᠭᠦᠨᠵᠡᠭᠡᠶ ᠪᠠᠶᠢᠴᠠᠭᠠᠨ ᠰᠤᠳᠤᠯᠤᠯᠲᠠ ᠬᠢᠬᠦ ᠪᠠ ᠨᠠᠷᠢᠨ ᠨᠢᠮᠪᠠᠶ ᠪᠡᠯᠡᠳᠭᠡᠬᠦ ᠪᠠᠷ | ᠳᠡᠮᠵᠢᠨ᠂ ᠪᠢ ᠬᠦᠶ ᠶᠤᠸᠠᠨ ᠨᠡᠶᠢᠭᠡᠮ ᠲᠣᠭᠤᠷᠢᠭ ᠤᠨ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ | ᠲᠥᠪ ᠲᠤ ᠪᠠᠶᠢᠩᠭᠤ ᠶᠢᠨ ᠴᠢᠨᠠᠷᠲᠠᠶ ᠠᠯᠪᠠᠨ ᠭᠡᠷᠡᠴᠢᠯᠡᠭᠡ ᠶᠢᠨ ᠦᠢᠯᠡᠴᠢᠯᠡᠭᠡᠨ ᠤ ᠴᠣᠩᠬᠤᠪᠴᠢ ᠭᠠᠷᠭᠠᠵᠤ᠂ ᠡᠬᠢ | ᠪᠠᠶᠠᠯᠢᠭ ᠢ ᠡᠮᠬᠢᠯᠡᠨ ᠨᠡᠶᠢᠯᠡᠭᠦᠯᠬᠦ᠂ ᠶᠠᠪᠤᠴᠠ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠡᠳ᠋ ᠬᠥᠷᠥᠩᠭᠡ ᠶᠢ | ᠵᠠᠯᠭᠠᠮᠵᠢᠯᠠᠬᠤ᠂ ᠨᠠᠶᠢᠳᠠᠯᠭ᠎ᠠ ᠶᠢᠨ ᠬᠡᠯᠡᠯᠴᠡᠭᠡᠷ ᠵᠡᠷᠭᠡ ᠥᠨᠳᠥᠷ ᠳᠠᠪᠲᠠᠮᠵᠢᠲᠤ ᠠᠯᠪᠠᠨ ᠭᠡᠷᠡᠴᠢᠯᠡᠭᠡ ᠶᠢᠨ ᠵᠦᠢᠯᠡᠰ ᠢ | ᠰᠢᠭᠤᠳ ᠨᠡᠶᠢᠭᠡᠮ ᠲᠣᠭᠤᠷᠢᠭ ᠲᠤ ᠬᠦᠷᠬᠡᠵᠦ᠂ ︽ᠰᠠᠭᠤᠭᠠᠯᠢ ᠠᠷᠠᠳ ᠢ ᠳᠤᠲᠠᠭᠤ ᠭᠦᠶᠦᠯᠭᠡᠵᠦ᠂ | ᠦᠢᠯᠡᠴᠢᠯᠡᠭᠡ ᠶᠢ ᠰᠠᠭᠤᠭᠠᠯᠢ ᠠᠷᠠᠳ ᠤᠨ ᠡᠬᠦᠳᠡᠨ ᠳᠤ ᠬᠦᠷᠭᠡᠬᠦ︾ ᠶᠢ ᠪᠡᠶᠡᠯᠡᠭᠦᠯᠪᠡ᠃ ᠡᠨᠡᠬᠦ ᠴᠣᠩᠬᠤᠪᠴᠢ ᠶᠢ | ᠭᠠᠷᠭᠠᠬᠰᠠᠨ ᠨᠢ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠶᠢ ᠰᠠᠭᠤᠭᠠᠯᠢ ᠠᠷᠠᠳ ᠤᠨ ᠡᠭᠦᠳᠡᠨ ᠳᠤ ᠬᠦᠷᠭᠡᠭᠰᠡᠨ ᠢᠶᠠᠷ | ᠪᠠᠷᠠᠬᠤ ᠥᠬᠡᠶ᠂ ᠠᠯᠪᠠᠨ ᠭᠡᠷᠡᠴᠢᠯᠡᠭᠡ ᠶᠢᠨ ᠲᠤᠬᠠᠶᠢᠯᠠᠭᠰᠠᠨ ᠠᠵᠢᠯ ᠬᠢᠭᠡᠳ ᠨᠡᠶᠢᠭᠡᠮ ᠲᠣᠭᠤᠷᠢᠭ ᠤᠨ | ᠦᠢᠯᠡᠴᠢᠯᠡᠭᠡ ᠶᠢ ᠨᠢᠬᠳᠠ ᠵᠣᠯᠭᠠᠭᠤᠯᠵᠤ᠂ ᠰᠠᠭᠤᠭᠠᠯᠢ ᠠᠷᠠᠳ ᠲᠤ ᠨᠠᠩ ᠳᠣᠲᠣᠨᠣ᠂ ᠠᠷᠠᠳ ᠲᠤ ᠲᠥᠬᠦᠮ | ᠦᠵᠡᠭᠦᠯᠬᠦ ᠬᠠᠤᠯᠢ ᠴᠠᠭᠠᠵᠠ ᠶᠢᠨ ᠦᠢᠯᠡᠴᠢᠯᠡᠭᠡ ᠨᠠᠷᠠᠳᠤ ᠲᠡᠮᠳᠡᠭ ᠪᠤᠯᠤᠭᠰᠠᠨ ᠪᠠᠶᠢᠨ᠎ᠠ᠃ | ᠳᠤᠰ ᠤᠳᠠᠭᠠᠨ ᠤ ᠠᠵᠢᠯᠯᠠᠭ᠎ᠠ ᠨᠢ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠪᠠ ᠦᠨᠳᠦᠰᠦᠨ ᠱᠠᠲᠤᠨ ᠤ | ᠵᠠᠰᠠᠯᠲᠠ ᠶᠢ ᠭᠦᠨᠵᠡᠭᠡᠢ ᠠᠭᠤᠰᠤᠯᠴᠠᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠬᠠᠤᠯᠢᠵᠢᠯ ᠤᠨ ᠦᠷ᠎ᠡ ᠶᠢ | ᠨᠡᠶᠢᠭᠡᠮ ᠲᠣᠭᠤᠷᠢᠭ ᠲᠤ ᠦᠨᠳᠦᠰᠦᠯᠡᠭᠦᠯᠦᠨ ᠰᠣᠶᠣᠭᠠᠯᠠᠭᠤᠯᠬᠤ ᠪᠣᠯᠭᠠᠪᠠ᠃ ︵ᠬᠣ᠋ ᡁᠢ ᠮᠢᠨ ᠵᠤᠤ ᠢ ᠰᠢᠨ︶ |