ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2025 ᠣᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠵᠢᠴᠢ ᠤᠬᠠᠭᠤᠯᠭ᠎ᠠ ᠶᠢᠨ ᠠᠵᠢᠯ ᠤᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/3/21
    3 ᠰᠠᠷ᠎ᠠ ᠶᠢᠨ 18 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2025 ᠣᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠵᠢᠴᠢ ᠤᠬᠠᠭᠤᠯᠬᠤ ᠠᠵᠢᠯ ᠤᠨ ᠬᠤᠷᠠᠯ ᠬᠤᠷᠠᠯᠳᠤᠭᠤᠯᠵᠤ᠂ ᠪᠥᠬᠦ ᠵᠢᠯ ᠤᠨ ᠠᠵᠢᠯ ᠤᠨ ᠭᠤᠤᠯᠳᠠᠯᠭ᠎ᠠ ᠲᠠᠢ ᠡᠭᠦᠷᠭᠡ ᠪᠠᠨ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠢᠶᠠᠩ ᠪᠸᠢ ᠫᠢᠩ᠂ 2025 ᠣᠨ ᠪᠣᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠪᠠᠶᠢᠭᠤᠯᠤᠭᠳᠠᠭᠰᠠᠨ 35 ᠳ᠋ᠤᠭᠠᠷ ᠵᠢᠯ ᠪᠣᠯᠤᠨ᠎ᠠ᠂ ᠰᠢᠨ᠎ᠡ ᠴᠠᠭ ᠦᠶ᠎ᠡ ᠳᠤ ᠰᠠᠭᠤᠷᠢᠯᠠᠵᠤ᠂ ᠰᠢᠨ᠎ᠡ ᠥᠷᠢᠰᠥᠯᠳᠦᠭᠡᠨ ᠳᠤ ᠬᠠᠨᠳᠤᠵᠤ᠂ ᠰᠢᠨ᠎ᠡ ᠡᠭᠦᠷᠭᠡ ᠶᠢ ᠡᠭᠦᠷᠭᠡᠯᠡᠬᠦ ᠬᠡᠷᠡᠭᠳᠡᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠤᠯᠤᠰ ᠲᠦᠷᠦ ᠶᠢᠨ ᠦᠨᠳᠦᠷᠴᠡ ᠠᠴᠠ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠴᠢᠬᠤᠯᠠ ᠴᠢᠨᠠᠷ ᠢ ᠲᠠᠨᠢᠬᠤ ᠬᠡᠷᠡᠭᠲᠡᠢ᠃ ︽ᠲᠠᠪᠤᠨ ᠠᠬᠠᠮᠠᠳ︾ ᠤᠨ ᠬᠦᠴᠦᠨ ᠢ ᠬᠥᠭᠵᠢᠭᠡᠵᠦ᠂ ᠥᠷᠭᠡᠨ ᠤᠯᠠᠨ ︽ᠲᠠᠪᠤᠨ ᠠᠬᠠᠮᠠᠳ︾ ᠢ ᠳᠠᠶᠢᠴᠢᠯᠠᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠪᠦᠯᠬᠦᠮᠳᠡᠨ ᠲᠡᠮᠡᠴᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠯᠠᠨ ᠡᠰᠢᠲᠦ ᠦᠢᠯᠡᠴᠢᠯᠡᠭᠡᠨ ᠤ ᠡᠩᠨᠡᠭᠡ ᠶᠢ ᠪᠠᠶᠢᠭᠤᠯᠵᠤ᠂ ︽ᠲᠠᠪᠤᠨ ᠠᠬᠠᠮᠠᠳ︾ ᠤᠨ ᠬᠠᠪᠰᠤᠷᠤᠨ ᠲᠡᠳᠬᠦᠬᠦ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠠᠵᠢᠯ ᠤᠨ ᠤᠷᠮᠠᠰᠢᠭᠤᠯᠤᠯ ᠤᠨ ᠪᠠᠲᠤᠯᠠᠭ᠎ᠠ ᠶᠢ ᠴᠢᠩᠭᠠᠳᠬᠠᠵᠤ᠂ ᠦᠷᠭᠦᠯᠵᠢᠯᠡᠨ ︽ᠪᠤᠭᠤᠷᠤᠯᠴᠤᠳ ᠤᠨ ᠬᠦᠴᠦᠨ ᠢ ᠬᠥᠭᠵᠢᠭᠡᠵᠦ︾᠂ ︽ᠲᠠᠪᠤᠨ ᠠᠬᠠᠮᠠᠳ︾ ᠤᠨ ᠲᠦᠷᠦᠯ ᠲᠡᠮᠳᠡᠭ ᠢ ᠢᠯᠡᠷᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠ ᠵᠠᠷᠤᠳᠠᠯ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠲᠣᠭᠲᠠᠴᠠ ᠶᠢᠨ ᠪᠠᠲᠤᠯᠠᠭ᠎ᠠ ᠪᠠ ᠬᠠᠷᠢᠭᠤᠴᠠᠯᠭ᠎ᠠ ᠶᠢᠨ ᠬᠡᠯᠬᠢᠶ᠎ᠡ ᠶᠢ ᠲᠡᠭᠦᠯᠳᠡᠷᠵᠢᠭᠦᠯᠵᠦ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ ᠭᠡᠵᠡᠢ᠃    ᠠᠶᠢᠮᠠᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠦᠯᠵᠡᠢ ᠦᠵᠡᠯ ᠰᠠᠨᠠᠭ᠎ᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠤᠬᠠᠭᠤᠯᠭ᠎ᠠ ᠶᠢᠨ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠵᠡᠷᠭᠡ ᠳᠦᠷᠪᠡᠨ ᠲᠠᠯ᠎ᠠ ᠪᠠᠷ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠪᠣᠯᠤᠨ ᠤᠬᠠᠭᠤᠯᠭ᠎ᠠ ᠶᠢᠨ ᠠᠵᠢᠯ ᠳᠤ ᠰᠠᠨᠠᠯ ᠰᠠᠨᠠᠭᠤᠯᠭ᠎ᠠ ᠳᠤᠷᠠᠳᠴᠠᠢ᠃    ᠬᠤᠷᠠᠯ ᠠᠴᠠ 2024 ᠣᠨ ᠤ ᠪᠥᠬᠦ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠡᠷᠭᠢᠴᠡᠭᠦᠯᠦᠨ ᠳ᠋ᠦᠩᠨᠡᠵᠦ᠂ 2025 ᠣᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ 2024 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠤᠬᠠᠭᠤᠯᠭ᠎ᠠ ᠶᠢᠨ ᠠᠵᠢᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠵᠦ ᠬᠡᠷᠡᠭᠯᠡᠭᠰᠡᠨ ᠪᠠᠶᠢᠳᠠᠯ ᠢ ᠮᠡᠳᠡᠭᠳᠡᠪᠡ᠃    ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠤᠯᠭ᠎ᠠ᠂ ᠡᠯ᠎ᠡ ᠰᠤᠮᠤ ᠰᠢᠶᠠᠩ ᠪᠠᠯᠭᠠᠰᠤ ︵ᠲᠥᠪ︶᠂ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠶ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号