ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2025 ᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/3/21
        3 ᠰᠠᠷ᠎ᠠ ᠶᠢᠨ 19 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2025 ᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠨᠢᠦ ᠶᠤᠸᠠᠨ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠶ᠃    ᠰᠦᠨ ᠱᠦ ᠲᠤᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠤᠯᠠᠨ ᠴᠢᠬᠤᠯᠠ ᠥᠭᠦᠯᠡᠯᠲᠡ ᠬᠢᠵᠦ᠂ ᠳᠣᠲᠣᠭᠠᠳᠤ ᠶᠢ ᠬᠠᠮᠠᠭᠠᠯᠠᠬᠤ ᠠᠵᠢᠯ ᠶᠠᠮᠠᠷ ᠲᠤᠭ ᠢ ᠡᠷᠭᠦᠬᠦ᠂ ᠶᠠᠮᠠᠷ ᠵᠠᠮ ᠢᠶᠠᠷ ᠵᠠᠮᠨᠠᠬᠤ᠂ ᠶᠠᠮᠠᠷ ᠴᠢᠭᠯᠡᠯ ᠢᠶᠠᠷ ᠬᠥᠭᠵᠢᠬᠦ᠂ ᠬᠡᠷᠬᠢᠨ ᠬᠥᠭᠵᠢᠬᠦ ᠵᠡᠷᠭᠡ ᠠᠯᠢ ᠤᠯᠠᠨ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠡᠢ᠂ ᠡᠨᠡ ᠪᠣᠯ ᠪᠢᠳᠡᠨ ᠤ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ ᠵᠢᠭᠠᠨ ᠵᠢᠯᠣᠭᠤᠳᠬᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠠ ᠠᠵᠢᠯᠯᠠᠭᠠᠨ ᠤ ᠵᠦᠭᠯᠡᠭᠦᠷ ᠪᠣᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠴᠤ ᠤᠷᠢᠳ ᠬᠤᠵᠢᠳ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠠᠬᠢᠭᠤᠯᠬᠤ᠂ ᠰᠢᠨ᠎ᠡ ᠴᠢᠨᠠᠷ ᠤᠨ ᠳᠣᠲᠣᠭᠠᠳᠤ ᠶᠢ ᠬᠠᠮᠠᠭᠠᠯᠠᠬᠤ ᠲᠠᠶᠢᠴᠢᠨ ᠬᠦᠴᠦᠨ ᠢ ᠲᠦᠷᠭᠡᠨ ᠪᠦᠷᠢᠯᠳᠦᠭᠦᠯᠬᠦ ᠪᠠ ᠳᠡᠭᠡᠭᠰᠢᠯᠡᠭᠦᠯᠬᠦ᠂ ᠥᠨᠳᠥᠷ ᠬᠡᠪ ᠪᠣᠯᠪᠠᠰᠤᠷᠠᠯ ᠲᠠᠢ ᠰᠢᠯᠭᠠᠷᠠᠭᠰᠠᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠪᠠᠶᠢᠭᠤᠯᠬᠤ ᠵᠡᠷᠭᠡ ᠶᠢᠨ ᠲᠣᠭᠤᠷᠢᠨ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠪᠢᠳᠡᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠳᠤ ᠭᠤᠤᠯᠳᠠᠯᠭ᠎ᠠ ᠶᠢ ᠬᠤᠪᠢᠶᠠᠷᠢᠯᠠᠨ ᠥᠭᠴᠦ᠂ ᠵᠠᠮ ᠱᠤᠭᠤᠮ ᠢ ᠲᠣᠳᠣᠷᠬᠠᠶ ᠲᠣᠭᠲᠠᠭᠠᠭᠰᠠᠨ ᠪᠠᠶᠢᠨ᠎ᠠ ᠭᠡᠵᠡᠢ᠃    ᠰᠦᠨ ᠱᠤ᠋ ᠲᠤᠤ᠂ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠤᠨ ᠥᠷᠭᠡᠨ ᠣᠯᠠᠨ ᠠᠷᠠᠳ ᠤᠨ ᠲᠤᠰᠠᠯᠠᠬᠤ ᠴᠠᠭᠳᠠᠭ᠎ᠠ ᠨᠠᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠤᠯᠤᠰ ᠤᠨ ᠲᠣᠮᠣ ᠶᠠᠪᠤᠳᠠᠯ︾ ᠤᠨ ᠦᠨᠳᠦᠷᠴᠡ ᠳᠡᠭᠡᠷ᠎ᠡ ᠵᠣᠭᠰᠣᠵᠤ᠂ ᠨᠠᠮ ᠤᠨ ᠳᠣᠲᠣᠭᠠᠳᠤ ᠶᠢ ᠬᠠᠮᠠᠭᠠᠯᠠᠬᠤ ᠠᠵᠢᠯ ᠳᠠᠬᠢ ᠬᠠᠷᠢᠴᠠᠯᠠᠰᠢᠭᠦᠶ ᠤᠳᠤᠷᠢᠳᠤᠯᠭ᠎ᠠ ᠶᠢ ᠭᠤᠶᠢᠪᠢᠰᠢ ᠦᠭᠡᠶ ᠪᠠᠷᠢᠮᠲᠠᠯᠠᠨ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠨᠢᠭᠡᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢᠨ ᠲᠣᠭᠤᠷᠢᠨ ᠳᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠦᠨ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠢ ᠤᠬᠠᠮᠰᠠᠷ ᠠᠴᠠ ᠪᠠᠨ ᠬᠥᠭᠵᠢᠯᠲᠡ ᠶᠢᠨ ᠪᠦᠬᠦ ᠲᠠᠯ᠎ᠠ ᠳᠤ ᠲᠠᠯᠪᠢᠵᠤ ᠠᠷᠭ᠎ᠠ ᠰᠦᠪᠡᠭᠴᠢᠯᠡᠨ ᠠᠬᠢᠭᠤᠯᠵᠤ᠂ ᠤᠯᠤᠰ ᠲᠦᠷᠦ ᠪᠠᠷ ᠴᠠᠭᠳᠠᠭ᠎ᠠ ᠶᠢ ᠪᠠᠶᠢᠭᠤᠯᠬᠤ᠂ ᠥᠭᠡᠷᠡᠴᠢᠯᠡᠯᠲᠡ ᠪᠠᠷ ᠴᠠᠭᠳᠠᠭ᠎ᠠ ᠶᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠠᠭᠳᠠᠭ᠎ᠠ ᠶᠢ ᠮᠠᠨᠳᠤᠭᠤᠯᠬᠤ᠂ ᠴᠠᠭᠳᠠᠭ᠎ᠠ ᠶᠢ ᠴᠢᠩᠭ᠎ᠠ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠴᠠᠭᠳᠠᠭ᠎ᠠ ᠶᠢ ᠬᠠᠷᠠᠭᠠᠯᠵᠠᠬᠤ ᠡᠯ᠎ᠡ ᠵᠦᠢᠯ ᠤᠨ ᠠᠵᠢᠯ ᠠᠴᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠴᠢᠨᠠᠷ ᠤᠨ ᠲᠠᠶᠢᠴᠢᠨ ᠬᠦᠴᠦᠨ ᠢ ᠲᠦᠷᠭᠡᠨ ᠪᠦᠷᠢᠯᠳᠦᠭᠦᠯᠬᠦ ᠪᠠ ᠳᠡᠭᠡᠭᠰᠢᠯᠡᠭᠦᠯᠵᠦ᠂ ᠨᠠᠮ ᠪᠣᠯᠤᠨ ᠠᠷᠠᠳ ᠲᠦᠮᠡᠨ ᠠᠴᠠ ᠣᠯᠭᠤᠭᠰᠠᠨ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠵᠢᠭᠠᠪᠤᠷᠢ ᠵᠢᠴᠢ ᠡᠯ᠎ᠡ ᠱᠠᠲᠤᠨ ᠤ ᠤᠯᠤᠰ ᠲᠥᠷᠥ ᠬᠠᠤᠯᠢ ᠴᠠᠭᠠᠵᠠ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2024 ᠣᠨ ᠤ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠪᠥᠬᠦ ᠲᠠᠯ᠎ᠠ ᠪᠠᠷ ᠳ᠋ᠦᠩᠨᠡᠨ᠂ 2025 ᠣᠨ ᠤ ᠭᠤᠤᠯᠳᠠᠯᠭ᠎ᠠ ᠲᠠᠢ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠵᠤ᠂ 2024 ᠣᠨ ᠳᠤ ᠬᠤᠰᠢᠭᠤᠨ ᠤ ᠲᠠᠰ ᠠᠴᠠ ᠳᠡᠭᠡᠭᠰᠢᠬᠢ ᠬᠥᠬᠢᠭᠦᠯᠦᠯ ᠱᠠᠩᠨᠠᠯ ᠭᠥᠷᠳᠡᠭᠰᠡᠨ ᠵᠢᠴᠢ ᠲᠣᠪᠤᠶᠢᠮ᠎ᠠ ᠠᠮᠵᠢᠯᠲᠠ ᠪᠦᠲᠦᠮᠵᠢ ᠲᠠᠢ ᠬᠠᠮᠲᠤ ᠨᠡᠶᠢᠲᠡ ᠪᠠ ᠬᠤᠪᠢ ᠬᠥᠮᠦᠨ ᠤ ᠬᠥᠬᠢᠭᠦᠯᠦᠯ ᠢ ᠭᠥᠷᠳᠡᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠱᠠᠩᠨᠠᠯ ᠭᠠᠷᠳᠠᠭᠤᠯᠵᠠᠶ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号