| 3 ᠰᠠᠷ᠎ᠠ ᠶᠢᠨ 19 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠥᠪ ᠢᠶᠠᠷ ᠭᠦᠨᠵᠡᠭᠡᠶᠢᠷᠡᠨ᠂ ᠲᠤᠬᠠᠶ ᠶᠢᠨ | ᠭᠠᠵᠠᠷ ᠤᠨ ᠪᠠᠶᠢᠴᠠᠭᠠᠨ ᠰᠤᠳᠤᠯᠤᠯᠲᠠ ᠶᠢᠨ ᠲᠥᠪ ᠵᠢᠴᠢ ᠬᠠᠮᠢᠶ᠎ᠠ ᠪᠥᠬᠦᠶ ᠲᠤᠷᠰᠢᠯᠲᠠ ᠶᠢᠨ ᠲᠠᠰᠤᠭ ᠤᠨ ᠪᠥᠲᠥᠭᠡᠨ | ᠪᠠᠶᠢᠭᠤᠯᠤᠯᠲᠠ ᠶᠢᠨ ᠪᠠᠶᠢᠳᠠᠯ ᠢ ᠤᠶᠢᠯᠠᠭᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠰᠢᠭᠤᠨ ᠳᠠᠷᠤᠭ᠎ᠠ ᠯᠢᠦ ᠬᠠᠶ ᠲᠤᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠨᠢᠦ ᠶᠤᠸᠠᠨ ᠵᠢᠴᠢ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ | ᠪᠥᠬᠦᠶ ᠤᠳᠤᠷᠢᠳᠤᠯᠭ᠎ᠠ ᠨᠠᠷ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠠ᠃ | ᠰᠦᠨ ᠱᠤ᠋ ᠲᠤᠤ ᠨᠠᠷ ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠥᠪ᠂ ᠬᠠᠤᠯᠢ ᠬᠡᠷᠡᠭᠵᠢᠭᠦᠯᠦᠨ | ᠬᠡᠷᠡᠭ ᠰᠢᠢᠳᠪᠤᠷᠢᠯᠡᠬᠦ ᠬᠠᠮᠢᠶᠠᠷᠤᠯᠲᠠ ᠶᠢᠨ ᠲᠥᠪ ᠪᠣᠯᠤᠨ ᠰᠦᠯᠵᠢᠶᠡᠨ ᠳᠡᠭᠡᠷ᠎ᠡ ᠰᠦᠯᠵᠢᠶᠡᠨ ᠭᠠᠳᠠᠨᠠᠬᠢ | ᠬᠠᠮᠲᠤᠷᠠᠭᠰᠠᠨ ᠪᠠᠶᠢᠯᠳᠤᠭᠠᠨ ᠤ ᠲᠥᠪ ᠢ ᠲᠣᠭᠤᠷᠢᠨ ᠦᠵᠡᠪᠡ᠃ ᠠᠵᠢᠯᠯᠠᠬᠤ ᠭᠠᠵᠠᠷ ᠤᠨ ᠵᠥᠭᠡᠯᠡᠨ ᠬᠠᠲᠠᠭᠤ | ᠲᠤᠨᠤᠭ ᠤᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠤᠷᠰᠢᠯᠲᠠ ᠶᠢᠨ | ᠲᠠᠰᠤᠭ ᠤᠨ ᠪᠣᠳᠠᠲᠠᠶ ᠠᠵᠢᠯᠯᠠᠭᠠᠨ᠂ ᠬᠠᠮᠢᠶᠠᠷᠤᠯᠲᠠ ᠬᠡᠷᠡᠭᠯᠡᠯᠲᠡ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ | ᠵᠠᠩᠭᠢᠵᠢᠯᠲᠠ ᠶᠢᠨ ᠲᠤᠯᠭᠠᠭᠤᠷᠢᠯᠠᠯ ᠤᠨ ᠴᠢᠳᠠᠪᠤᠷᠢ ᠣᠯᠭᠤᠬᠤ ᠴᠠᠭᠳᠠᠭᠠᠨ ᠤ ᠶᠠᠪᠤᠳᠠᠯ ᠤᠨ ᠪᠣᠳᠠᠲᠤ ᠪᠠᠶᠢᠯᠳᠤᠭᠠᠨ | ᠵᠡᠷᠭᠡ ᠲᠠᠯ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠨᠢᠮᠪᠠᠶ ᠰᠣᠨᠣᠰᠴᠤ᠂ ᠳᠣᠲᠣᠭᠠᠳᠤ ᠶᠢ | ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠲᠤᠯᠭᠠᠭᠤᠷᠢᠯᠠᠯ ᠤᠨ ᠰᠢᠰᠲ᠋ᠧᠮ ᠤᠨ | ᠪᠠᠶᠢᠭᠤᠯᠤᠯᠲᠠ᠂ ᠤᠶᠤᠨᠴᠢᠯᠠᠭᠰᠠᠨ ᠪᠠᠶᠢᠭᠤᠯᠤᠯᠲᠠ᠂ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢᠨ | ᠪᠠᠶᠢᠭᠤᠯᠤᠯᠲᠠ ᠶᠢᠨ ᠣᠯᠤᠭᠰᠠᠨ ᠪᠣᠳᠠᠲᠤ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ | ᠰᠦᠨ ᠱᠤ᠋ ᠲᠤᠤ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠰᠢᠨᠵᠢᠯᠡᠬᠦ | ᠤᠬᠠᠭᠠᠨ ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢᠨ ᠬᠡᠷᠡᠭᠯᠡᠯᠲᠡ ᠶᠢ ᠴᠢᠩᠭᠠᠳᠬᠠᠵᠤ᠂ ᠰᠢᠨ᠎ᠡ ᠴᠠᠭ | ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠥᠭᠵᠢᠯᠲᠡ ᠶᠢᠨ ᠴᠢᠭᠯᠡᠯ ᠢ ᠲᠣᠭᠲᠠᠭᠠᠵᠤ᠂ ᠪᠣᠳᠠᠲᠤ | ᠲᠡᠶᠢᠨ ᠤ ᠬᠡᠷᠡᠭᠴᠡᠭᠡ ᠶᠢᠨ ᠲᠣᠭᠤᠷᠢᠨ ᠳᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠠᠭᠳᠠᠭ᠎ᠠ ᠶᠢ ᠮᠠᠨᠳᠤᠭᠤᠯᠬᠤ | ᠵᠠᠮ ᠢᠶᠠᠷ ᠰᠠᠶᠢᠲᠤᠷ ᠵᠠᠮᠨᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ | ᠬᠥᠮᠦᠵᠢᠭᠦᠯᠬᠦ ᠶᠢ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ | ᠦᠷ᠎ᠡ ᠪᠦᠲᠦᠭᠡᠯ ᠢ ᠴᠠᠭᠳᠠᠭᠠᠨ ᠤ ᠶᠠᠪᠤᠳᠠᠯ ᠤᠨ ᠦᠷ᠎ᠡ ᠪᠦᠲᠦᠮᠵᠢ ᠳᠡᠭᠡᠷ᠎ᠡ ᠨᠠᠩ ᠭᠦᠢᠴᠡᠳ᠂ ᠨᠠᠩ ᠪᠥᠬᠦ | ᠲᠠᠯ᠎ᠠ ᠪᠠᠷ ᠢᠯᠡᠷᠡᠭᠦᠯᠵᠦ᠂ ᠴᠠᠭᠳᠠᠭᠠᠨ ᠤ ᠶᠠᠪᠤᠳᠠᠯ ᠤᠨ ᠪᠣᠳᠠᠲᠤ ᠲᠡᠶᠢᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ | ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠬᠠᠤᠯᠢ ᠬᠡᠷᠡᠭᠵᠢᠭᠦᠯᠬᠦ | ᠶᠠᠰᠤ ᠴᠢᠨᠠᠷ ᠢ ᠪᠠᠬᠢᠵᠢᠭᠦᠯᠦᠨ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠡᠯ᠎ᠡ ᠲᠤᠰᠬᠠᠢ | ᠮᠡᠷᠭᠡᠵᠢᠯ ᠤᠨ ᠬᠦᠷᠢᠶᠡᠨ ᠤ ᠮᠡᠷᠭᠡᠵᠢᠯ ᠤᠨ ᠪᠠᠷᠢᠮᠵᠢᠶ᠎ᠠ ᠪᠠ ᠠᠵᠢᠯᠯᠠᠭᠠᠨ ᠤ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ | ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠯᠲᠠ ᠶᠢᠨ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠵᠤ᠂ ᠬᠠᠤᠯᠢ | ᠬᠡᠷᠡᠭᠵᠢᠭᠦᠯᠬᠦ ᠶᠠᠰᠤ ᠴᠢᠨᠠᠷ ᠪᠠ ᠬᠠᠤᠯᠢ ᠬᠡᠷᠡᠭᠵᠢᠭᠦᠯᠦᠯᠲᠡ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠦᠨᠡᠨ | ᠬᠦ ᠳᠡᠭᠡᠭᠰᠢᠯᠡᠭᠦᠯᠵᠦ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ᠂ ᠬᠠᠨᠤᠮᠵᠢ ᠶᠢᠨ ᠬᠡᠮᠵᠢᠶ᠎ᠡ ᠶᠢ | ᠨᠡᠮᠡᠭᠳᠡᠭᠦᠯᠬᠦ ᠬᠡᠷᠡᠭᠲᠡᠢ᠃ ᠬᠤᠪᠢᠰᠬᠠᠯᠳᠤ ᠤᠳᠤᠮᠰᠢᠯ ᠤᠨ ᠳᠤᠮᠳᠠ ᠠᠴᠠ ᠬᠦᠴᠦᠷᠬᠡᠭ ᠶᠡᠭᠡ ᠢᠲᠡᠭᠡᠯ ᠪᠢᠰᠢᠷᠡᠯ ᠤᠨ | ᠬᠦᠴᠦᠨ ᠢ ᠰᠢᠩᠭᠡᠭᠡᠨ ᠠᠪᠴᠤ᠂ ᠳᠣᠲᠣᠭᠠᠳᠤ ᠶᠢ ᠬᠠᠮᠠᠭᠠᠯᠠᠬᠤ ᠦᠢᠯᠡᠰ ᠤᠨ ᠬᠥᠭᠵᠢᠯᠲᠡ ᠶᠢᠨ ᠶᠠᠪᠤᠴᠠ ᠠᠴᠠ | ᠲᠡᠦᠬᠡ ᠶᠢᠨ ᠲᠤᠷᠰᠢᠯᠭ᠎ᠠ ᠪᠠᠨ ᠳ᠋ᠦᠩᠨᠡᠵᠦ᠂ ᠡᠮᠦᠨᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠰᠢᠯᠢᠳᠡᠭ | ᠤᠯᠠᠮᠵᠢᠯᠠᠯ ᠢ ᠤᠯᠠᠮᠵᠢᠯᠠᠨ ᠪᠠᠳᠠᠷᠠᠭᠤᠯᠵᠤ᠂ ᠦᠨᠡᠨᠴᠢ ᠰᠢᠳᠤᠷᠭᠤ ᠪᠠᠶᠢᠬᠤ ᠬᠥᠮᠦᠵᠢᠯ ᠪᠣᠯᠤᠨ ᠦᠵᠡᠯ ᠰᠠᠨᠠᠭᠠᠨ ᠤ | ᠪᠣᠯᠪᠠᠰᠤᠷᠠᠯ ᠢᠶᠠᠨ ᠴᠢᠨᠠᠭᠰᠢᠳᠠ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ ᠪᠠᠲᠤ ᠴᠢᠩᠭ᠎ᠠ ᠲᠡᠮᠦᠷ ᠴᠡᠷᠢᠭ ᠢ | ᠳᠠᠪᠲᠠᠨ ᠪᠣᠯᠪᠠᠰᠤᠷᠠᠭᠤᠯᠵᠤ᠂ ᠠᠮᠤᠷ ᠠᠮᠤᠭᠤᠯᠠᠩ ᠡᠮᠦᠨᠠᠳᠤ ᠬᠤᠰᠢᠭᠤᠨ ᠳᠤ ᠬᠦᠴᠦᠷᠬᠡᠭ ᠶᠡᠭᠡ ᠳᠠᠶᠢᠴᠢᠨ | ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |