| 3 ᠰᠠᠷ᠎ᠠ ᠶᠢᠨ 19 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠬᠤᠷᠴᠢᠨ ᠪᠠᠯᠭᠠᠰᠤᠨ ᠳᠤ ᠪᠠᠶᠢᠴᠠᠭᠠᠨ | ᠰᠤᠳᠤᠯᠤᠯᠲᠠ ᠬᠢᠪᠠ᠃ | ᠰᠦᠨ ᠱᠤ᠋ ᠲᠤᠤ ᠤᠷᠢᠳ ᠬᠤᠵᠢᠳ ᠬᠤᠷᠴᠢᠨ ᠪᠠᠯᠭᠠᠰᠤᠨ ᠤ ᠶᠤᠸᠠᠨ ᠰᠢᠨ ᠲᠣᠰᠬᠤᠨ᠂ ᠳᠠᠪᠠᠭ᠎ᠠ ᠶᠢᠨ | ᠭᠤᠤ ᠲᠣᠰᠬᠤᠨ ᠪᠣᠯᠤᠨ ᠳᠠᠪᠠᠭ᠎ᠠ ᠶᠢᠨ ᠭᠤᠤ ᠨᠡᠶᠢᠭᠡᠮ ᠲᠣᠭᠤᠷᠢᠭ ᠢᠶᠠᠷ ᠬᠦᠷᠴᠦ᠂ ᠬᠤᠰᠢᠭᠤᠨ ᠤ ᠨᠠᠮ ᠤᠨ | ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠠᠴᠠ ᠰᠤᠮᠤ ᠰᠢᠶᠠᠩ ᠪᠠᠯᠭᠠᠰᠤ ᠶᠢᠨ ᠥᠨᠳᠥᠷ ᠦᠷ᠎ᠡ ᠠᠰᠢᠭ ᠲᠠᠢ | ᠠᠵᠢᠯ ᠢ ᠪᠦᠲᠦᠭᠡᠬᠦ᠂ ᠰᠤᠮᠤ ᠰᠢᠶᠠᠩ ᠪᠠᠯᠭᠠᠰᠤ ᠶᠢᠨ ᠲᠦᠷᠪᠡᠨ ᠭᠤᠣᠯᠳᠠᠯᠭ᠎ᠠ ᠲᠠᠢ ᠠᠵᠢᠯ᠂ ᠭᠠᠴᠠᠭ᠎ᠠ ᠲᠣᠰᠬᠤᠨ ᠤ | ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ᠂ ᠲᠦᠬᠦᠭᠡᠷᠦᠮᠵᠢᠲᠦ ᠲᠠᠷᠢᠶᠠᠯᠠᠩ ᠤᠨ ᠪᠦᠳᠦᠬᠡᠨ ᠪᠠᠶᠢᠭᠤᠯᠤᠯᠲᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠠᠢ᠃ | ᠰᠦᠨ ᠱᠤ᠋ ᠲᠤᠤ᠂ ᠡᠯ᠎ᠡ ᠭᠠᠵᠠᠷ ᠤᠨ ᠬᠢᠨ ᠨᠠᠷᠢᠯᠢᠭ ᠣᠨᠣᠴᠠᠲᠠᠶ ᠪᠠᠷ ᠰᠡᠳᠦᠪ ᠰᠣᠩᠭᠤᠵᠤ᠂ ᠲᠣᠰ ᠭᠠᠵᠠᠷ | ᠣᠷᠣᠨ ᠤ ᠪᠠᠨ ᠬᠠᠮᠤᠭ ᠤᠨ ᠪᠠᠴᠢᠮ ᠲᠤᠯᠭᠠᠮ᠎ᠠ᠂ ᠬᠠᠮᠤᠭ ᠤᠨ ᠵᠠᠩᠭᠢᠯᠠᠭ᠎ᠠ ᠶᠢᠨ ᠠᠷᠠᠳ ᠤᠨ ᠠᠮᠢᠳᠤᠷᠠᠯ ᠪᠠ | ᠬᠥᠭᠵᠢᠯᠲᠡ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠤᠰᠢᠭᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠠᠴᠠ ᠬᠠᠪᠰᠤᠷᠴᠤ ᠵᠣᠬᠢᠴᠠᠭᠤᠯᠤᠨ ᠰᠢᠢᠳᠪᠤᠷᠢᠯᠡᠬᠦ ᠴᠢᠬᠤᠯᠠᠲᠠᠶ ᠵᠦᠢᠯᠡᠰ ᠢ ᠦᠨᠡᠨ ᠬᠦ | ᠰᠣᠩᠭᠤᠨ ᠭᠠᠷᠭᠠᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠬᠤ ᠶᠢ ᠠᠬᠢᠭᠤᠯᠤᠨ᠂ ᠰᠢᠢᠳᠪᠤᠷᠢᠳᠦ ᠪᠣᠳᠣᠯᠭ᠎ᠠ ᠶᠢ | ᠬᠡᠷᠡᠭᠵᠢᠭᠦᠯᠬᠦ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠶᠢ ᠪᠡᠶᠡᠯᠡᠭᠦᠯᠬᠦ ᠬᠡᠷᠡᠭᠳᠡᠢ᠃ | ᠲᠠᠩᠰᠠ ᠮᠡᠳᠡᠭᠦᠯᠬᠦ ᠤᠬᠠᠮᠰᠠᠷ᠂ ᠰᠢᠯᠭᠠᠯᠳᠠ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ | ᠴᠢᠩᠭᠠᠳᠬᠠᠵᠤ᠂ ᠶᠡᠷᠦᠩᠬᠡᠶᠢᠯᠡᠨ ᠵᠠᠰᠠᠬᠤ ᠲᠥᠪ ᠤᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠢ | ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠪᠤᠰᠤᠳ ᠭᠤᠷᠪᠠᠨ ᠵᠦᠢᠯ ᠤᠨ ᠭᠤᠤᠯᠳᠠᠯᠭ᠎ᠠ ᠲᠠᠢ ᠠᠵᠢᠯ ᠳᠤ ᠬᠢᠯᠠᠰ | ᠴᠡᠭ ᠲᠠᠢ᠂ ᠥᠪᠡᠷᠮᠢᠴᠡ ᠣᠨᠴᠠᠯᠢᠭ ᠲᠠᠢ᠂ ᠪᠣᠳᠠᠲᠤ ᠦᠷ᠎ᠡ ᠪᠦᠲᠦᠮᠵᠢ ᠲᠠᠢ ᠪᠠᠶᠢᠬᠤ ᠬᠡᠷᠡᠭᠲᠡᠶ᠂ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠡᠯ᠎ᠡ ᠭᠠᠵᠠᠷ ᠤᠨ ᠳᠥᠷᠪᠡᠨ ᠵᠦᠢᠯ ᠤᠨ ᠭᠤᠤᠯᠳᠠᠯᠭ᠎ᠠ ᠲᠠᠢ | ᠠᠵᠢᠯ ᠢ ᠪᠡᠶᠡᠯᠡᠭᠦᠯᠦᠭᠰᠡᠨ ᠪᠠᠶᠢᠳᠠᠯ ᠢ ᠱᠠᠲᠤ ᠬᠤᠪᠢᠶᠠᠨ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠬᠤ ᠬᠡᠷᠡᠭᠳᠡᠢ᠃ | ᠤᠷᠢᠳᠴᠢᠯᠠᠬᠤ ᠬᠡᠮᠵᠢᠶ᠎ᠡ ᠶᠢ ᠰᠠᠶᠢᠲᠤᠷ ᠬᠢᠵᠦ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ | ᠰᠣᠯᠢᠬᠤ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠢᠨ᠎ᠡ ᠪᠠᠷ ᠨᠡᠮᠡᠭᠳᠡᠭᠦᠯᠬᠦ | ᠲᠠᠷᠢᠶᠠᠨ ᠭᠠᠵᠠᠷ ᠢ ᠰᠢᠢᠳᠪᠤᠷᠢᠯᠡᠬᠦ᠂ ︽ᠬᠤᠶᠠᠳᠠᠬᠢ ᠡᠭᠡᠯᠵᠢ ᠶᠢᠨ ᠭᠠᠵᠠᠷ ᠰᠢᠷᠣᠶ ᠶᠢ ᠤᠷᠲᠤᠳᠬᠠᠨ | ᠳᠠᠭᠠᠭᠠᠴᠢᠯᠠᠭᠤᠯᠬᠤ︾᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠡᠯ᠎ᠡ | ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠬᠤᠭᠤᠴᠠᠭ᠎ᠠ ᠰᠣᠯᠢᠬᠤ ᠰᠣᠩᠭᠤᠭᠤᠯᠢ | ᠬᠢᠭᠡᠳ ᠭᠤᠤᠯᠳᠠᠯᠭ᠎ᠠ ᠲᠠᠢ ᠡᠭᠦᠷᠭᠡ ᠶᠢ ᠣᠷᠭᠠᠨᠢᠭ ᠢᠶᠠᠷ ᠵᠣᠯᠭᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠤᠭᠤᠷᠢᠨ ᠢ ᠴᠡᠭᠴᠡᠯᠡᠨ ᠵᠠᠰᠠᠬᠤ ᠤᠷᠳᠤ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠲᠦᠷᠦᠯ | ᠬᠤᠪᠢᠶᠠᠨ ᠬᠤᠷᠢᠶᠠᠨ ᠲᠡᠭᠡᠭᠡᠪᠦᠷᠢᠯᠡᠵᠦ ᠰᠢᠢᠳᠪᠤᠷᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ | ᠣᠷᠭᠠᠨᠢᠭ ᠠᠮᠢᠳᠤᠷᠠᠯ ᠤᠨ ᠬᠤᠭ ᠨᠣᠪᠰᠢ᠂ ᠢᠯᠭᠠᠳᠠᠰᠤ ᠶᠢᠨ ᠪᠠᠭᠠᠰᠤᠨ ᠪᠣᠬᠢᠷᠲᠤᠯ᠂ ᠲᠠᠷᠢᠶᠠᠯᠠᠩ ᠤᠨ | ᠦᠢᠯᠡᠳᠪᠦᠷᠢᠯᠡᠯ ᠤᠨ ᠣᠷᠭᠠᠨᠢᠭ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠰᠢᠢᠳᠪᠤᠷᠢᠯᠡᠵᠦ ᠠᠰᠢᠭᠯᠠᠬᠤ ᠬᠢᠷᠢ | ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃ ᠤᠶᠤᠨᠲᠤ ᠬᠦᠯᠡᠮᠵᠢ᠂ ᠤᠰᠤ ᠪᠤᠷᠳᠤᠭᠤᠷ ᠢ ᠨᠢᠭᠡ | ᠴᠤᠭᠴᠠᠵᠢᠭᠤᠯᠬᠤ ᠵᠡᠷᠭᠡ ᠲᠥᠬᠦᠭᠡᠷᠦᠮᠵᠢᠳᠤ ᠲᠠᠷᠢᠶᠠᠯᠠᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠲᠥᠬᠦᠭᠡᠷᠦᠮᠵᠢᠳᠦ ᠲᠠᠷᠢᠶᠠᠯᠠᠩ ᠤᠨ ᠥᠨᠳᠥᠷ ᠪᠦᠲᠦᠮᠵᠢᠲᠡᠢ᠂ ᠤᠶᠤᠨᠴᠢ᠂ ᠪᠣᠬᠢᠷᠲᠤᠯ ᠦᠭᠡᠢ | ᠴᠢᠭᠯᠡᠯ ᠳᠡᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ | ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | |