| 3 ᠰᠠᠷ᠎ᠠ ᠶᠢᠨ 18 ᠤ ᠡᠳᠦᠷ᠂ ᠬᠢᠩᠭᠠᠨ ᠠᠶᠢᠮᠠᠭ ᠤᠨ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ | ᠰᠢᠮ᠎ᠡ ᠶᠢ ᠨᠠᠷᠢᠯᠢᠭ ᠡᠳ᠋ᠰᠢᠭᠦᠯᠬᠦ ᠲᠤᠰᠬᠠᠶ ᠰᠡᠳᠦᠪᠲᠦ ᠪᠣᠯᠪᠠᠰᠤᠷᠠᠯ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠳᠤ ᠶᠠᠪᠤᠭᠳᠠᠪᠠ᠂ ᠥᠪᠥᠷ ᠮᠣᠩᠭᠤᠯ ᠤᠨ ᠪᠸᠢ ᠹᠧᠩ ᠯᠢᠩ ᠠᠮᠤ ᠲᠣᠰᠣᠨ ᠤ ᠬᠢᠵᠠᠭᠠᠷᠲᠤ ᠺᠣᠮᠫᠠᠨᠢ ᠶᠢᠨ | ᠬᠡᠷᠡᠭ ᠮᠡᠳᠡᠭᠴᠢᠳ ᠤᠨ ᠳᠠᠷᠤᠭ᠎ᠠ ᠯᠢ ᠰᠢᠶᠤᠤ ᠭᠠᠩ᠂ ᠲᠣᠭᠤᠷᠢᠨ ᠦᠵᠡᠵᠦ ᠰᠤᠷᠤᠯᠴᠠᠬᠤ ᠪᠠᠷ ᠢᠷᠡᠭᠰᠡᠳ ᠲᠤ | ᠺᠣᠮᠫᠠᠨᠢ ᠶᠢᠨ ᠡᠵᠡᠩᠨᠡᠯᠲᠡ ᠶᠢᠨ ᠵᠠᠭᠪᠤᠷ ᠢ ᠲᠠᠨᠢᠯᠴᠠᠭᠤᠯᠪᠠ᠃ | ᠲᠣᠭᠤᠷᠢᠨ ᠦᠵᠡᠬᠦ ᠪᠦᠯᠬᠦᠮ ᠤᠨ ᠬᠢᠨ ᠪᠠᠰᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠶᠠ | ᠾᠧ ᠠᠮᠤ ᠪᠤᠳᠠᠭᠠᠨ ᠤ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠢᠩᠭᠠᠨ ᠢᠯᠢ ᠰᠦ ᠶᠢᠨ | ᠦᠢᠯᠡᠰ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠵᠡᠷᠭᠡ ᠭᠠᠵᠠᠷ ᠢᠶᠠᠷ ᠲᠤᠭᠤᠷᠢᠨ ᠦᠵᠡᠵᠦ ᠰᠢᠨᠵᠢᠯᠡᠨ | ᠪᠠᠶᠢᠴᠠᠭᠠᠪᠠ᠃ ᠬᠦᠷᠦᠭᠰᠡᠨ ᠭᠠᠵᠠᠷ ᠪᠣᠯᠭᠠᠨ ᠳᠤ᠂ ᠤᠯᠠᠨ ᠢᠶᠠᠷ ᠢᠶᠠᠨ ᠴᠥᠮ ᠠᠵᠤ ᠠᠬᠤᠶᠢᠯᠠᠯ ᠤᠨ | ᠪᠣᠯᠪᠠᠰᠤᠷᠠᠭᠤᠯᠬᠤ ᠮᠡᠷᠭᠡᠵᠢᠯ᠂ ᠦᠢᠯᠡᠳᠪᠦᠷᠢᠯᠡᠯ ᠤᠨ ᠴᠢᠳᠠᠪᠤᠷᠢ᠂ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠯ᠂ ᠲᠦᠷᠦᠯ ᠲᠡᠮᠳᠡᠭ ᠤᠨ ᠡᠵᠡᠩᠨᠡᠯᠲᠡ ᠪᠣᠷᠣᠯᠠᠭᠤᠯᠤᠯᠲᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ | ᠣᠶᠢᠯᠠᠭᠠᠪᠠ᠃ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠ ᠬᠠᠷᠢᠯᠴᠠᠬᠤ ᠪᠠᠷ ᠳᠡᠮᠵᠢᠨ᠂ | ᠣᠯᠠᠨ ᠢᠶᠠᠷ ᠢᠶᠠᠨ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠬᠤ | ᠠᠵᠢᠯ ᠤᠨ ᠰᠡᠳᠬᠢᠮᠵᠢ ᠶᠢ ᠨᠡᠭᠡᠭᠡᠵᠦ᠂ ᠠᠵᠤ ᠦᠢᠯᠡᠳᠪᠤᠷᠢᠵᠢᠯᠳᠡ ᠶᠢᠨ ᠣᠶᠢᠯᠠᠭᠠᠭᠳᠠᠬᠤᠨ ᠪᠠ ᠠᠵᠤ | ᠦᠶᠢᠯᠡᠰᠵᠢᠯᠲᠡ ᠶᠢᠨ ᠰᠡᠳᠬᠢᠬᠦᠶ ᠪᠠᠷ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢ ᠬᠥᠭᠵᠢᠭᠦᠯᠬᠦ | ᠴᠢᠳᠠᠪᠤᠷᠢ ᠶᠢ ᠳᠡᠭᠡᠭᠰᠢᠯᠡᠭᠦᠯᠪᠡ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠳ᠋ᠢᠩ | ᠰᠢᠶᠠᠩ ᠪᠢᠨ᠄ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠢ ᠬᠢᠩᠭᠠᠨ ᠠᠶᠢᠮᠠᠭ ᠤᠨ ᠲᠠᠷᠢᠶᠠᠯᠠᠩ ᠤᠨ | ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠴᠢᠬᠤᠯᠠ ᠰᠠᠭᠤᠷᠢᠨ ᠭᠠᠵᠠᠷ ᠪᠣᠯᠤᠭᠰᠠᠨ ᠤ | ᠬᠤᠪᠢ ᠳᠤ᠂ ᠣᠶᠢᠷ᠎ᠠ ᠶᠢᠨ ᠵᠢᠯ ᠤᠳ ᠲᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠮᠡᠷᠭᠡᠵᠢᠯ ᠤᠨ ᠰᠢᠨ᠎ᠡ ᠶᠢ | ᠡᠭᠦᠳᠬᠦ ᠶᠢᠨ ᠠᠬᠢᠭᠤᠯᠤᠯ ᠳᠣᠤᠷ᠎ᠠ᠂ ᠴᠠᠭᠠᠨ ᠢᠳᠡᠭᠡᠨ᠂ ᠮᠢᠬᠠᠨ ᠤ ᠪᠦᠲᠦᠭᠡᠭᠳᠡᠬᠦᠨ᠂ ᠤᠨᠴᠠᠯᠢᠬᠳᠤ | ᠲᠠᠷᠢᠶᠠᠯᠠᠩ ᠤᠨ ᠪᠦᠲᠦᠭᠡᠭᠳᠡᠬᠦᠨ ᠢᠶᠠᠷ ᠭᠤᠤᠯ ᠪᠣᠯᠭᠠᠭᠰᠠᠨ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢ | ᠠᠯᠬᠤᠮ ᠠᠯᠬᠤᠮ ᠢᠶᠠᠷ ᠪᠣᠶ ᠪᠣᠯᠭᠠᠪᠠ᠃ ᠲᠣᠰ ᠤᠳᠠᠭᠠᠨ ᠤ ᠪᠣᠯᠪᠠᠰᠤᠷᠠᠯ ᠨᠢ ᠤᠯᠠᠨ ᠳᠤ ᠡᠷᠬᠢᠮ ᠨᠠᠨᠳᠢᠨ | ᠰᠤᠷᠤᠯᠴᠠᠬᠤ ᠲᠣᠬᠢᠶᠠᠯ ᠣᠯᠭᠤᠭᠰᠠᠨ ᠢᠶᠠᠷ ᠪᠠᠷᠠᠬᠤ ᠥᠬᠡᠶ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠠᠵᠤ ᠦᠢᠯᠡᠰ ᠲᠤ ᠴᠤ᠋ ᠰᠢᠨ᠎ᠡ | ᠠᠮᠢᠵᠢᠷᠠᠯ ᠤᠨ ᠬᠦᠴᠦᠨ ᠣᠯᠭᠤᠭᠰᠠᠨ ᠪᠠᠶᠢᠨ᠎ᠠ︾ ᠭᠡᠵᠦ ᠲᠠᠨᠢᠯᠴᠠᠭᠤᠯᠪᠠ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠩᠭᠠᠨ ᠬᠥᠳᠡᠭᠡ ᠲᠣᠰᠬᠤᠨ ᠤ ᠨᠢᠭᠡᠳᠦᠭᠡᠷ ᠨᠠᠮ ᠤᠨ | ᠡᠭᠦᠷ ᠲᠤ᠂ ᠤᠯᠠᠨ ᠢᠶᠠᠷ ᠢᠶᠠᠨ ᠬᠤᠪᠢᠰᠬᠠᠯᠳᠤ ᠲᠡᠦᠬᠡ ᠶᠢ ᠡᠷᠭᠢᠴᠡᠭᠦᠯᠵᠦ᠂ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠣᠶᠢᠯᠠᠭᠠᠵᠤ᠂ ᠤᠯᠠᠨ ᠢᠶᠠᠷ ᠢᠶᠠᠨ ᠬᠤᠪᠢᠰᠬᠠᠯᠲᠤ ᠵᠣᠷᠢᠭ ᠰᠠᠨᠠᠭ᠎ᠠ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ | ᠬᠢᠩᠭᠠᠨ ᠠᠶᠢᠮᠠᠭ ᠤᠨ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ | ᠲᠣᠰ ᠤᠳᠠᠭ᠎ᠠ ᠬᠢᠩᠭᠠᠨ ᠠᠶᠢᠮᠠᠭ ᠤᠨ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ | ᠡᠳ᠋ᠰᠢᠭᠦᠯᠬᠦ ᠲᠤᠰᠬᠠᠶ ᠰᠡᠳᠦᠪᠲᠦ ᠪᠣᠯᠪᠠᠰᠤᠷᠠᠯ ᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ | ᠶᠠᠪᠤᠭᠳᠠᠭᠤᠯᠤᠭᠰᠠᠨ ᠨᠢ ᠪᠥᠬᠦ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠳᠥᠯᠭᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠲᠤᠬᠠᠶ ᠶᠢᠨ | ᠲᠠᠯᠠᠪᠤᠷ ᠲᠤ ᠲᠣᠭᠤᠷᠢᠨ ᠦᠵᠡᠵᠦ ᠰᠤᠷᠤᠯᠴᠠᠬᠤ ᠪᠠᠷ ᠳᠡᠮᠵᠢᠨ᠂ ᠤᠯᠠᠨ ᠢᠶᠠᠷ ᠢᠶᠠᠨ ᠬᠠᠷᠠᠭ᠎ᠠ ᠪᠠᠨ ᠥᠷᠭᠡᠳᠬᠡᠵᠦ᠂ | ᠰᠡᠳᠬᠢᠴᠡ ᠪᠠᠨ ᠥᠷᠭᠡᠳᠬᠡᠨ᠂ ᠢᠲᠡᠭᠡᠯ ᠵᠣᠷᠢᠭ ᠢᠶᠠᠨ ᠴᠢᠩᠭᠠᠷᠠᠭᠤᠯᠵᠤ᠂ ᠬᠢᠩᠭᠠᠨ ᠠᠶᠢᠮᠠᠭ ᠤᠨ ᠲᠠᠷᠢᠶᠠᠯᠠᠩ ᠤᠨ | ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ |