| ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠭᠡᠰᠢᠬᠦᠨ ᠤᠯᠠᠨ | ᠲᠦᠮᠡᠨ ᠳᠤ ᠦᠢᠯᠡᠴᠢᠯᠡᠬᠦ ᠲᠦᠪ ᠬᠠᠷᠢᠶ᠎ᠠ ᠤᠷᠤᠨ ᠤ ᠤᠯᠠᠨ ᠲᠦᠮᠡᠨ ᠳᠤ ᠬᠠᠨᠤᠮᠵᠢᠲᠠᠢ ᠠᠮᠢᠳᠤᠷᠠᠯ ᠤᠨ ᠣᠷᠴᠢᠨ | ᠲᠣᠭᠤᠷᠢᠨ ᠢ ᠡᠭᠦᠳᠬᠦ ᠪᠠᠷ ᠬᠠᠷᠠᠯᠲᠠ ᠪᠣᠯᠭᠠᠨ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠠᠷᠭ᠎ᠠ ᠬᠡᠯᠪᠡᠷᠢ ᠶᠢ | ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠤᠲᠠ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠡᠭᠦᠷᠭᠡ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠤᠨ ᠨᠠᠷᠢᠯᠢᠭ ᠤᠨᠤᠴᠠᠳᠠᠢ | ᠪᠠᠶᠢᠬᠤ ᠶᠢ ᠲᠠᠰᠤᠷᠠᠯᠲᠠ ᠦᠭᠡᠢ ᠠᠬᠢᠭᠤᠯᠵᠠᠢ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ | ᠲᠦᠪ ᠨᠢ ᠨᠡᠶᠢᠭᠡᠮ ᠲᠣᠭᠤᠷᠢᠭ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠮᠵᠢ ᠶᠢ ᠥᠷᠭᠡᠳᠭᠡᠨ᠂ ᠨᠡᠶᠢᠭᠡᠮ ᠲᠣᠭᠤᠷᠢᠭ ᠤᠨ ᠵᠣᠯ | ᠵᠢᠷᠭᠠᠯᠲᠤ ᠬᠤᠭᠤᠯᠠᠨ ᠭᠡᠷ᠂ ᠹᠢᠽᠢᠺ ᠵᠠᠰᠠᠯ ᠤᠨ ᠲᠠᠰᠤᠭ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠰᠤᠭ᠂ ᠭᠠᠷ | ᠤᠷᠠᠯᠠᠯ ᠬᠦᠷᠦᠮᠡᠯ ᠤᠨ ᠲᠠᠰᠤᠭ ᠪᠠ ᠣᠯᠠᠨ ᠴᠢᠳᠠᠮᠵᠢᠲᠤ ᠲᠢᠩᠬᠢᠮ ᠵᠡᠷᠭᠡ ᠶᠢ ᠪᠠᠶᠢᠭᠤᠯᠵᠤ᠂ ᠬᠠᠷᠢᠶ᠎ᠠ ᠣᠷᠣᠨ ᠤ | ᠨᠠᠰᠤᠲᠠᠶᠢᠴᠤᠳ ᠲᠤ ᠪᠡᠶ᠎ᠡ ᠴᠢᠭᠢᠷᠠᠭᠵᠢᠭᠤᠯᠬᠤ᠂ ᠣᠶᠤᠨ ᠰᠠᠨᠠᠭᠠᠨ ᠤ ᠲᠠᠶᠢᠳᠬᠤᠷᠠᠭᠤᠯᠤᠯ ᠵᠡᠷᠭᠡ ᠰᠢᠷᠢᠰᠵᠢᠭᠰᠡᠨ | ᠦᠢᠯᠡᠴᠢᠯᠡᠭᠡ ᠬᠠᠩᠭᠠᠵᠤ ᠡᠬᠢᠯᠡᠵᠡᠢ᠃ ᠦᠢᠯᠡᠴᠢᠯᠡᠭᠡᠨ ᠤ ᠲᠦᠪ ᠨᠢ ᠪᠠᠰᠠ ᠨᠠᠰᠤᠵᠢᠯ ᠤᠨ ᠠᠰᠠᠷᠠᠮᠵᠢ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠳᠤ ᠲᠦᠰᠢᠭᠯᠡᠨ᠂ ᠬᠤᠭᠤᠯᠠ ᠤᠮᠳᠠᠭᠠᠨ᠂ ᠡᠮᠴᠢᠯᠡᠭᠡ᠂ ᠤᠬᠢᠶᠠᠯᠭ᠎ᠠ | ᠂ ᠡᠷᠡᠬᠦᠯ ᠬᠠᠮᠠᠭᠠᠯᠠᠯ᠂ ᠪᠠᠴᠢᠮ ᠪᠠᠶᠢᠳᠠᠯ ᠢ ᠠᠷᠭᠠᠴᠠᠭᠠᠬᠤ᠂ ᠵᠤᠭ᠎ᠠ ᠴᠡᠩᠭᠡᠯ᠂ ᠰᠤᠷᠤᠯᠭ᠎ᠠ ᠵᠡᠷᠭᠡ ᠪᠥᠬᠦ ᠲᠠᠯ᠎ᠠ ᠪᠠᠷ | ᠨᠠᠰᠤᠲᠠᠨ ᠢ ᠲᠤᠰᠠᠯᠠᠬᠤ ᠦᠢᠯᠡᠴᠢᠯᠡᠭᠡ ᠬᠠᠩᠭᠠᠵᠦ ᠪᠠᠶᠢᠭ᠎ᠠ ᠶᠤᠮ᠃ ᠨᠠᠰᠤᠲᠠᠶᠢᠴᠤᠳ ᠤᠨ ᠰᠣᠶᠣᠯ ᠴᠡᠩᠭᠡᠯ ᠵᠡᠷᠭᠡ | ᠨᠡᠶᠢᠳᠡᠮ ᠬᠡᠷᠡᠭᠯᠡᠭᠡᠨ ᠤ ᠴᠢᠨᠠᠷᠲᠠᠶ ᠠᠵᠢᠯᠯᠠᠭ᠎ᠠ ᠶᠢ 259 ᠲᠠᠯᠠᠪᠤᠷ ᠵᠣᠬᠢᠶᠠᠨ ᠪᠠᠶᠢᠭᠤᠯᠤᠨ ᠥᠷᠨᠢᠭᠦᠯᠵᠦ᠂ 3620 | ᠬᠥᠮᠦᠨ ︵ᠤᠳᠠᠭ᠎ᠠ︶ ᠢ ᠬᠠᠮᠤᠷᠴᠤ᠂ ᠰᠠᠷ᠎ᠠ ᠪᠦᠷᠢ ᠡᠷᠡᠭᠦᠯ ᠮᠡᠨᠳᠦ ᠶᠢᠨ ᠯᠠᠪᠯᠠᠭ᠎ᠠ᠂ ᠨᠠᠰᠤᠲᠠᠶᠢᠴᠤᠳ ᠲᠤ | ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠮᠡᠳᠡᠯᠭᠡ ᠶᠢᠨ ᠲᠠᠶᠢᠯᠤᠮᠵᠢ ᠵᠡᠷᠭᠡ ᠥᠪᠡᠷᠮᠢᠴᠡ ᠴᠢᠨᠠᠷᠲᠠᠶ ᠰᠡᠳᠭᠢᠯ ᠢ | ᠳᠤᠯᠠᠭᠠᠴᠠᠭᠤᠯᠬᠤ ᠦᠢᠯᠡᠴᠢᠯᠡᠭᠡ ᠶᠢ ᠪᠠᠶᠢᠩᠭᠤᠵᠢᠭᠤᠯᠤᠨ ᠥᠷᠨᠢᠭᠦᠯᠵᠦ᠂ ᠨᠠᠰᠤᠲᠠᠶᠢᠴᠤᠳ ᠤᠨ ᠠᠮᠢᠳᠤᠷᠠᠯ ᠤᠨ | ᠶᠠᠰᠤ ᠴᠢᠨᠠᠷ ᠢ ᠳᠡᠭᠡᠭᠰᠢᠯᠡᠭᠦᠯᠵᠦ ᠪᠠᠶᠢᠨ᠎ᠠ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ | ᠲᠦᠪ ᠨᠢ ᠪᠠᠰᠠ ᠪᠠᠭᠠᠴᠤᠳ ᠬᠡᠦᠬᠡᠳ ᠤᠨ ᠨᠠᠭᠠᠳᠤᠮ ᠴᠡᠩᠭᠡᠯ ᠤᠨ ᠳᠠᠯᠠᠪᠤᠷ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠬᠠᠷᠢᠶ᠎ᠠ ᠤᠷᠤᠨ ᠤ ᠪᠠᠭᠠᠴᠤᠳ ᠭᠡᠤᠭᠡᠳ ᠤᠨ ᠦᠰᠤᠨ | ᠪᠤᠶᠢᠵᠢᠯᠳᠠ ᠶᠢ ᠬᠠᠯᠠᠮᠵᠢᠯᠠᠵᠦ ᠪᠠᠶᠢᠨ᠎ᠠ᠃ ᠡᠭᠦᠨ ᠤ ᠬᠠᠮᠲᠤ᠂ ᠲᠤᠰ ᠲᠦᠪ ᠨᠢ ᠨᠡᠶᠢᠭᠡᠮ ᠲᠣᠭᠤᠷᠢᠭ ᠤᠨ ᠰᠤᠷᠭᠠᠨ | ᠬᠥᠮᠦᠵᠢᠯ ᠤᠨ ᠬᠥᠭᠵᠢᠯᠲᠡ ᠶᠢᠨ ᠠᠭᠤᠯᠤᠭᠳᠠᠬᠤᠨ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ︽ᠠᠷᠠᠳ ᠤᠨ | ᠠᠮᠢᠳᠤᠷᠠᠯ ᠳᠤ ᠦᠢᠯᠡᠴᠢᠯᠡᠬᠦ ᠪᠠᠷ ᠵᠣᠷᠢᠯᠲᠠ ᠪᠣᠯᠭᠠᠬᠤ︾ ᠢᠲᠡᠭᠡᠯ ᠵᠣᠷᠢᠭ ᠢᠶᠠᠨ ᠪᠠᠲᠤᠳᠬᠠᠵᠤ᠂ ᠨᠡᠶᠢᠭᠡᠮ | ᠲᠣᠭᠤᠷᠢᠭ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢᠨ ᠲᠥᠷᠥᠯ ᠵᠦᠢᠯ ᠤᠨ ᠨᠢᠭᠡᠳᠦᠯᠲᠡᠶ ᠲᠥᠯᠥᠪᠵᠢᠭᠦᠯᠭᠡ ᠪᠠ | ᠦᠵᠦ ᠲᠥᠯᠥᠪᠯᠡᠭᠡ ᠶᠢ ᠰᠠᠶᠢᠲᠤᠷ ᠲᠦᠰᠦᠪᠯᠡᠨ ᠦᠷᠨᠢᠬᠦᠯᠵᠦ᠂ ᠰᠢᠨ᠎ᠡ ᠴᠠᠭ ᠦᠶ᠎ᠡ ᠶᠢᠨ ᠨᠡᠶᠢᠭᠡᠮ ᠲᠣᠭᠤᠷᠢᠭ ᠤᠨ | ᠰᠤᠷᠭᠠᠨ ᠬᠥᠮᠦᠵᠢᠯ ᠤᠨ ᠨᠠᠷᠠᠲᠤ ᠲᠡᠮᠳᠡᠭᠲᠦ ᠶᠢᠨ ᠰᠢᠰᠲ᠋ᠧᠮ ᠢ ᠬᠦᠴᠦᠯᠡᠨ ᠪᠠᠶᠢᠭᠤᠯᠵᠦ ᠪᠤᠢ᠃ ᠨᠡᠶᠢᠭᠡᠮ | ᠲᠣᠭᠤᠷᠢᠭ ᠲᠤ ︽ᠠᠨᠠᠷ ᠤᠨ ᠦᠷ᠎ᠡ ᠶᠢᠨ ᠪᠠᠭ᠎ᠠ ᠬᠢᠴᠢᠶᠡᠯ ᠤᠨ ᠲᠠᠩᠬᠢᠮ︾᠂ ︽ᠬᠦᠰᠡᠯ ᠵᠡᠭᠦᠳᠦ ᠪᠠᠨ | ᠲᠡᠷᠭᠡᠯᠰᠢᠭᠦᠯᠬᠦ︾᠂ ︽ᠳᠤᠮᠳᠠᠳᠤ ᠶᠢᠨ ᠰᠣᠶᠣᠯ ᠤᠨ ᠬᠢᠴᠢᠶᠡᠯ ᠤᠨ ᠲᠠᠩᠬᠢᠮ︾ ᠵᠡᠷᠭᠡ ᠰᠤᠷᠭᠠᠨ ᠬᠥᠮᠦᠵᠢᠯ ᠤᠨ | ᠲᠦᠷᠦᠯ ᠵᠦᠢᠯ ᠢ ᠭᠤᠣᠯᠳᠠᠯᠭ᠎ᠠ ᠲᠠᠢ ᠰᠢᠨ᠎ᠡ ᠪᠠᠷ ᠪᠠᠶᠢᠭᠤᠯᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ | ᠠᠵᠢᠯ ᠤᠨ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠰᠤᠷᠭᠠᠨ ᠬᠥᠮᠦᠵᠢᠯ ᠤᠨ ᠲᠦᠷᠦᠯ | ᠲᠡᠮᠳᠡᠭᠳᠤ ᠶᠢᠨ ᠠᠵᠢᠯᠯᠠᠭ᠎ᠠ ᠶᠢ ᠨᠢᠭᠡᠨᠲᠡ 600 ᠭᠠᠷᠤᠢ ᠲᠠᠯᠠᠪᠤᠷ ᠥᠷᠨᠢᠭᠦᠯᠵᠦ᠂ ᠠᠰᠢᠭ ᠬᠦᠷᠳᠡᠭᠰᠡᠨ ᠬᠡᠦᠬᠡᠳ | 15000 ᠭᠠᠷᠤᠢ ᠬᠥᠮᠦᠨ ︵ᠤᠳᠠᠭ᠎ᠠ︶ ᠳᠤ ᠬᠦᠷᠦᠭᠰᠡᠨ ᠪᠠᠶᠢᠨ᠎ᠠ᠃ | ᠲᠤᠰ ᠬᠤᠰᠢᠭᠤᠨ ᠤ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠦᠪ ᠨᠢ ᠪᠠᠰᠠ ᠨᠠᠮ ᠤᠨ | ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠴᠢᠳᠠᠯ ᠣᠯᠭᠤᠬᠤ ᠶᠢ ᠪᠠᠷᠢᠮᠲᠠᠯᠠᠵᠤ᠂ ᠨᠡᠶᠢᠭᠡᠮ | ᠲᠣᠭᠤᠷᠢᠭ ᠤᠨ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠠᠬᠢᠭᠤᠯᠵᠤ᠂ ᠬᠠᠷᠢᠶ᠎ᠠ ᠣᠷᠣᠨ ᠤ ᠣᠨᠴᠠᠭᠠᠢ ᠬᠥᠮᠦᠰ ᠤᠨ ᠭᠡᠷ ᠪᠦᠯᠢ ᠳᠤ ᠭᠦᠨᠵᠡᠭᠡᠶᠢᠷᠡᠨ᠂ ᠭᠡᠷ ᠪᠦᠯᠢ ᠶᠢᠨ | ᠣᠷᠴᠢᠨ ᠲᠣᠭᠤᠷᠢᠨ ᠢ ᠨᠢ ᠰᠠᠶᠢᠵᠢᠷᠠᠭᠤᠯᠤᠨ᠂ ᠠᠮᠢᠳᠤᠷᠠᠯ ᠤᠨ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ | ᠦᠭᠡᠢ ᠳᠡᠭᠡᠭᠰᠢᠯᠡᠭᠦᠯᠪᠡ᠃ ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠨᠢ ᠣᠨᠴᠠᠭᠠᠶ ᠬᠥᠮᠦᠰ ᠤᠨ ᠡᠷᠡᠭᠦᠯ | ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢ ᠴᠢᠬᠤᠯᠠᠴᠢᠯᠠᠵᠤ᠂ ᠬᠠᠷᠢᠶ᠎ᠠ ᠣᠷᠣᠨ ᠤ ᠥᠨᠳᠥᠷ ᠨᠠᠰᠤᠲᠠᠶ | ᠨᠠᠰᠤᠲᠠᠶᠢᠴᠤᠳ ᠵᠢᠴᠢ ᠵᠡᠮᠳᠡᠭᠴᠦᠳ ᠲᠤ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠦᠢᠯᠡᠴᠢᠯᠡᠭᠡ | ᠬᠠᠩᠭᠠᠵᠤ᠂ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠨᠢᠬᠡᠨᠳᠡ 659 ᠬᠤᠪᠢ ᠰᠢᠨ᠎ᠡ ᠪᠠᠷ ᠪᠠᠶᠢᠭᠤᠯᠵᠦ᠂ | ᠵᠡᠮᠳᠡᠭᠴᠤᠳ ᠤᠨ ᠦᠨᠳᠦᠰᠦᠨ ᠡᠷᠬᠡ ᠠᠰᠢᠭ ᠢ ᠦᠨᠡᠨᠬᠦ ᠪᠠᠲᠤᠯᠠᠵᠤ᠂ ︽ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ | ᠲᠥᠷᠥ ᠶᠢᠨ ᠪᠣᠳᠣᠯᠭ᠎ᠠ ᠪᠠᠷ ᠬᠥᠮᠦᠰ ᠤᠨ ᠰᠡᠳᠭᠢᠯ ᠢ ᠳᠤᠯᠠᠭᠠᠴᠠᠭᠤᠯᠬᠤ︾ ᠠᠵᠢᠯᠯᠠᠭ᠎ᠠ ᠶᠢ 84 ᠤᠳᠠᠭ᠎ᠠ | ᠥᠷᠨᠢᠭᠦᠯᠵᠦ᠂ ᠣᠨᠴᠠᠭᠠᠶ ᠬᠥᠮᠦᠰ ᠢ 320 ᠬᠥᠮᠦᠨ ︵ᠤᠳᠠᠭ᠎ᠠ︶ ᠬᠠᠮᠤᠷᠪᠠ᠃ ︵ᠯᠢ ᠵᠢᠩ︶ |