ᠲᠤᠬᠤᠮ ᠰᠤᠮᠤ ᠲᠦᠯ ᠲᠤᠰᠤᠭᠠᠳ ᠶᠠᠭᠠᠷᠠᠨ᠎ᠠ
ᠨᠡᠶᠢᠲᠡᠯᠡᠭᠰᠡᠨ ᠴᠠᠭ᠄
2025/3/25
      3 ᠰᠠᠷ᠎ᠠ ᠶᠢᠨ 19 ᠤ ᠡᠳᠦᠷ᠂ ᠰᠤᠷᠪᠤᠯᠵᠢᠯᠠᠭᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠤᠬᠤᠮ ᠰᠤᠮᠤᠨ ᠳᠤ ᠬᠦᠷᠬᠦ ᠳᠤ᠂ ᠮᠠᠯᠴᠢᠨ ᠦᠯᠵᠡᠶᠢᠳᠡᠮᠦᠷ᠄ ︽ᠣᠲᠣ ᠪᠣᠯ ᠶᠠᠭ ᠲᠥᠯ ᠲᠤᠰᠴᠤ ᠪᠤᠶᠢᠵᠢᠭᠤᠯᠬᠤ ᠵᠠᠩᠭᠢᠯᠠᠭ᠎ᠠ ᠶᠢᠨ ᠴᠠᠭ ᠮᠥᠨ᠂ ᠵᠢᠯ ᠪᠦᠷᠢ ᠶᠢᠨ ᠡᠨᠡ ᠦᠶᠡᠰ ᠪᠦᠬᠦ ᠰᠤᠮᠤ ᠪᠠᠷ ᠢᠶᠠᠨ ᠴᠥᠮ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠵᠣᠬᠢᠶᠠᠨ ᠪᠠᠶᠢᠭᠤᠯᠵᠤ᠂ ᠪᠢᠳᠡᠨ ᠳᠤ ᠰᠢᠨᠵᠢᠯᠡᠬᠦ ᠤᠬᠠᠭᠠᠨᠴᠢ ᠲᠥᠯ ᠲᠤᠰᠴᠤ ᠪᠤᠶᠢᠵᠢᠭᠤᠯᠬᠤ ᠮᠡᠳᠡᠯᠭᠡ ᠶᠢ ᠤᠯᠠᠮᠵᠢᠯᠠᠳᠠᠭ᠂ ᠡᠲᠡᠭᠡᠷ ᠮᠡᠳᠡᠯᠭᠡ ᠶᠢᠨ ᠠᠴᠢ ᠪᠠᠷ ᠮᠠᠨ ᠤ ᠬᠡᠷ ᠤᠨ 150 ᠭᠠᠷᠤᠶ ᠬᠤᠨᠢ ᠡᠨᠡ ᠵᠢᠯ ᠤᠨ ᠬᠠᠪᠤᠷ ᠤᠨ ᠤᠯᠠᠷᠢᠯ ᠳᠤ ᠨᠢᠭᠡᠨᠲᠡ ᠠᠮᠵᠢᠯᠲᠠ ᠲᠠᠢ ᠪᠠᠷ ᠲᠦᠯᠵᠢᠵᠡᠢ︾ ᠭᠡᠵᠡᠶ᠃     ᠲᠤᠬᠤᠮ ᠰᠤᠮᠤᠨ ᠳᠤ᠂ ᠦᠯᠵᠡᠶᠢᠳᠡᠮᠦᠷ ᠰᠢᠭ ᠰᠢᠨᠵᠢᠯᠡᠬᠦ ᠤᠬᠠᠭᠠᠨᠴᠢ ᠪᠠᠷ ᠲᠥᠯ ᠲᠤᠰᠴᠤ ᠪᠤᠶᠢᠵᠢᠭᠤᠯᠬᠤ ᠮᠡᠳᠡᠯᠭᠡ ᠶᠢ ᠭᠥᠷᠳᠡᠵᠦ ᠪᠠᠶᠢᠭ᠎ᠠ ᠮᠠᠯᠴᠢᠨ ᠤᠯᠠᠨ ᠪᠠᠶᠢᠨ᠎ᠠ᠃ 2 ᠳ᠋ᠤᠭᠠᠷ ᠰᠠᠷ᠎ᠠ ᠠᠴᠠ ᠨᠠᠰᠢ᠂ ᠰᠤᠮᠤ ᠶᠢᠨ ᠮᠠᠯ ᠠᠵᠤ ᠠᠬᠤᠶ ᠶᠢᠨ ᠠᠵᠢᠯᠲᠠᠨ᠂ ᠮᠠᠯ ᠡᠮᠨᠡᠯᠭᠡ ᠶᠢᠨ ᠮᠡᠷᠭᠡᠵᠢᠯᠲᠡᠨ ᠢᠶᠠᠷ ᠪᠦᠷᠢᠯᠳᠦᠭᠰᠡᠨ ᠤᠬᠠᠭᠤᠯᠤᠨ ᠲᠠᠶᠢᠯᠪᠤᠷᠢᠯᠠᠬᠤ ᠡᠩᠨᠡᠭᠡ ᠡᠯ᠎ᠡ ᠭᠠᠴᠠᠭᠠᠨ ᠤ ᠬᠤᠭᠤᠷᠣᠨᠳᠣ ᠨᠠᠭᠠᠰᠢ ᠴᠠᠭᠠᠰᠢ ᠶᠠᠭᠠᠷᠠᠯᠳᠤᠵᠤ᠂ ᠠᠶᠢᠯ ᠡᠷᠦᠬᠡ ᠳᠠᠷᠠᠭᠠᠯᠠᠨ ᠮᠠᠯᠴᠢᠳ ᠤᠨ ᠭᠡᠷ ᠢᠶᠠᠷ ᠬᠦᠷᠴᠦ᠂ ᠲᠥᠯ ᠲᠤᠰᠬᠤ ᠣᠨᠣᠯ ᠤᠨ ᠮᠡᠳᠡᠯᠭᠡ ᠶᠢ ᠬᠦᠷᠭᠡᠬᠦ ᠪᠠᠷ ᠪᠠᠷᠠᠬᠤ ᠥᠬᠡᠶ᠂ ᠪᠠᠰᠠ ᠮᠠᠯᠴᠢᠳ ᠲᠤ ᠲᠥᠯ ᠲᠤᠰᠬᠤ ᠠᠴᠠ ᠡᠮᠦᠨᠡᠬᠢ ᠪᠡᠯᠡᠳᠬᠡᠯ ᠠᠵᠢᠯ ᠢ ᠬᠡᠷᠬᠢᠨ ᠰᠠᠶᠢᠲᠤᠷ ᠬᠢᠬᠦ ᠶᠢ ᠵᠢᠭᠠᠵᠤ ᠥᠭᠭᠦᠭᠰᠡᠨ ᠪᠠᠶᠢᠨ᠎ᠠ᠃ ᠲᠡᠵᠢᠭᠡᠪᠦᠷᠢ ᠶᠢᠨ ᠲᠠᠯ᠎ᠠ ᠪᠠᠷ᠂ ᠮᠡᠷᠭᠡᠵᠢᠯ ᠤᠨ ᠠᠵᠢᠯᠲᠠᠳ ᠡᠮ᠎ᠡ ᠬᠤᠨᠢᠨ ᠤ ᠬᠡᠬᠡᠯᠳᠦᠬᠦ ᠬᠤᠭᠤᠴᠠᠭ᠎ᠠ ᠪᠠ ᠬᠦᠬᠦᠬᠦᠯᠬᠦ ᠬᠤᠭᠤᠴᠠᠭᠠᠨ ᠳᠠᠬᠢ ᠠᠳᠠᠯᠢ ᠪᠤᠰᠤ ᠰᠢᠮ᠎ᠡ ᠲᠡᠵᠢᠭᠡᠯ ᠤᠨ ᠱᠠᠭᠠᠷᠳᠠᠯᠭ᠎ᠠ ᠶᠢ ᠦᠨᠳᠦᠰᠦᠯᠡᠵᠦ᠂ ᠮᠠᠯᠴᠢᠳ ᠲᠤ ᠰᠢᠨᠵᠢᠯᠡᠬᠦ ᠤᠬᠠᠭᠠᠨᠴᠢ ᠲᠡᠵᠢᠭᠡᠯ ᠪᠣᠷᠳᠤᠭ᠎ᠠ ᠶᠢᠨ ᠨᠠᠶᠢᠷᠠᠯᠭ᠎ᠠ ᠶᠢ ᠲᠣᠭᠲᠠᠭᠠᠵᠤ ᠥᠭᠪᠡ᠃     ᠲᠤᠬᠤᠮ ᠰᠤᠮᠤ ᠶᠢᠨ ᠨᠠᠮ ᠤᠨ ᠬᠤᠷᠢᠶᠠᠨ ᠤ ᠱᠦᠵᠢ ᠯᠢ ᠶᠢᠩ ᠺᠦᠶ᠄ ︽ᠮᠠᠨ ᠤ ᠰᠤᠮᠤ ᠪᠠᠷᠢᠮᠵᠢᠶᠠᠵᠢᠭᠰᠠᠨ᠂ ᠬᠡᠪᠴᠢᠶᠡᠵᠢᠭᠰᠡᠨ᠂ ᠨᠠᠷᠢᠯᠢᠬᠵᠢᠭᠤᠯᠤᠭᠰᠠᠨ ᠲᠡᠵᠢᠭᠡᠨ ᠦᠷᠡᠵᠢᠭᠦᠯᠦᠯᠲᠡ ᠶᠢ ᠶᠡᠭᠡ ᠪᠠᠷ ᠳᠥᠯᠭᠢᠨ ᠠᠬᠢᠭᠤᠯᠵᠤ᠂ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦᠯᠬᠦ ᠶᠢ ᠳᠥᠯᠭᠢᠨ ᠠᠬᠢᠭᠤᠯᠵᠤ᠂ ᠪᠥᠬᠦ ᠰᠤᠮᠤ ᠶᠢᠨ ᠬᠤᠨᠢ 16 ᠲᠦᠮᠡ᠂ ᠰᠠᠭᠤᠷᠢ ᠡᠮ᠎ᠡ ᠬᠤᠨᠢ 15 ᠲᠦᠮᠡ ᠪᠠᠶᠢᠵᠤ᠂ ᠵᠢᠱᠢᠯᠲᠡ ᠪᠠᠷ ᠡᠨᠡ ᠵᠢᠯ 12 ᠲᠦᠮᠡᠨ ᠲᠥᠯ ᠲᠤᠰᠴᠤ᠂ ᠡᠳᠡᠭᠡᠷᠡᠯᠲᠡ ᠶᠢᠨ ᠨᠣᠷᠮ᠎ᠠ 98% ᠠᠴᠠ ᠳᠡᠭᠡᠭᠰᠢ ᠳᠤ ᠬᠥᠷᠬᠦ ᠪᠣᠯᠤᠨ᠎ᠠ︾ ᠭᠡᠵᠡᠶ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号