| 3 ᠰᠠᠷ᠎ᠠ ᠶᠢᠨ 18 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠳᠤ ︽ᠵᠢᠷᠭᠤᠭᠠᠨ ᠠᠵᠢᠯᠯᠠᠭ᠎ᠠ︾ ᠶᠢᠨ ᠲᠤᠬᠠᠢ ᠰᠢᠨᠵᠢᠯᠡᠨ ᠪᠠᠶᠢᠴᠠᠭᠠᠵᠦ | ᠬᠢᠨᠠᠨ ᠵᠢᠯᠣᠭᠤᠳᠴᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠲᠠᠯ᠎ᠠ ᠪᠠᠷ ᠤᠨᠢᠨ | ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠲᠦᠷᠭᠡᠨ ᠳᠤᠬᠢᠷᠠᠭᠤᠯᠤᠨ ᠨᠠᠶᠢᠳᠠᠪᠤᠷᠢᠵᠢᠭᠤᠯᠬᠤ ᠶᠢ | ᠴᠢᠩᠭ᠎ᠠ ᠠᠳᠬᠤᠵᠤ᠂ ︽ᠵᠢᠷᠭᠤᠭᠠᠨ ᠠᠵᠢᠯᠯᠠᠭ᠎ᠠ︾ ᠶᠢᠨ ᠪᠣᠳᠠᠲᠠᠢ ᠦᠷ᠎ᠡ ᠪᠦᠲᠦᠮᠵᠢ ᠪᠠᠷ ᠬᠤᠶᠠᠷ ᠬᠤᠷᠠᠯ ᠤᠨ | ᠵᠣᠷᠢᠭ ᠰᠠᠨᠠᠭ᠎ᠠ ᠶᠢ ᠬᠢᠩᠭᠠᠨ ᠨᠤᠲᠤᠭ ᠲᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠡᠮᠦᠨᠡᠲᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ᠂ ᠰᠦᠬᠡ ᠡᠮᠦᠨᠡᠲᠦ | ᠬᠤᠰᠢᠭᠤᠨ ᠤ ᠥᠷᠨᠢᠭᠦᠯᠦᠭᠰᠡᠨ ︽ᠵᠢᠷᠭᠤᠭᠠᠨ ᠠᠵᠢᠯᠯᠠᠭ᠎ᠠ︾ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ᠂ | ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶ᠎ᠠ ᠵᠡᠷᠭᠡ ᠰᠢᠨ᠎ᠡ ᠶᠢ ᠡᠭᠦᠳᠬᠦ ᠠᠵᠢᠯ ᠢ ᠭᠦᠢᠴᠡᠳ | ᠨᠤᠲᠠᠯᠠᠪᠠ᠃ ᠴᠣᠩᠬᠤᠪᠴᠢ ᠨᠢᠭᠡᠴᠢ ᠳᠤ ᠬᠦᠷᠴᠦ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ᠂ ᠠᠵᠢᠯᠲᠠᠨ ᠤ | ᠲᠣᠬᠢᠷᠠᠭᠤᠯᠤᠯᠲᠠ᠂ ᠦᠢᠯᠡᠴᠢᠯᠡᠭᠡᠨ ᠤ ᠦᠷ᠎ᠡ ᠪᠦᠲᠦᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ᠂ | ᠰᠦᠬᠡ ᠬᠡᠯᠡᠭᠰᠡᠨ ᠨᠢ᠂ ᠪᠦᠬᠦ ᠠᠶᠢᠮᠠᠭ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠬᠡᠷᠡᠭᠴᠡᠭᠡ | ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ᠂ | ᠤᠷᠢᠳᠠᠪᠠᠷ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ︽ᠨᠢᠭᠡ ᠥᠷᠲᠡᠭᠡ ᠮᠠᠶ᠋ᠢᠭ︾ ᠤᠨ ᠬᠢᠨᠠᠨ ᠵᠥᠪᠰᠢᠶᠡᠷᠡᠬᠦ | ᠶᠠᠪᠤᠴᠠ ᠶᠢ ᠯᠠᠪᠳᠠᠭᠤᠨ ᠪᠠᠲᠤᠲᠠᠶ ᠠᠬᠢᠭᠤᠯᠤᠨ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ | ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠬᠢᠨᠠᠨ ᠵᠥᠪᠰᠢᠶᠡᠷᠡᠬᠦ ᠶᠠᠪᠤᠴᠠ ᠶᠢ | ᠰᠢᠯᠢᠳᠡᠭᠵᠢᠭᠦᠯᠵᠦ᠂ ᠦᠢᠯᠡᠴᠢᠯᠡᠭᠡᠨ ᠤ ᠦᠢᠯᠡᠳᠦᠯ ᠪᠠ ᠠᠵᠢᠯ ᠤᠨ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ | ᠳᠡᠭᠡᠭᠰᠢᠯᠡᠭᠦᠯᠦᠨ᠂ ᠠᠵᠤ ᠠᠬᠤᠶᠢᠯᠠᠯ ᠳᠤ ᠪᠥᠬᠦ ᠶᠠᠪᠤᠴᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠠᠵᠤ | ᠠᠬᠤᠶᠢᠯᠠᠯ ᠪᠠ ᠣᠯᠠᠨ ᠲᠦᠮᠡᠨ ᠤ ᠬᠠᠨᠤᠮᠵᠢ ᠶᠢᠨ ᠭᠡᠮᠵᠢᠶ᠎ᠠ ᠶᠢ ᠳᠠᠰᠤᠷᠠᠯᠳᠠ ᠦᠭᠡᠢ ᠳᠡᠭᠡᠭᠰᠢᠯᠡᠬᠦᠯᠬᠦ ᠬᠡᠷᠡᠭᠳᠡᠢ ᠬᠡᠪᠡ | ᠃ ᠡᠮᠦᠨᠡᠲᠦ ᠬᠤᠰᠢᠭᠤᠨ ᠤ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ ᠲᠤ᠂ ᠰᠦᠬᠡ | ᠠᠵᠢᠯ ᠣᠯᠭᠤᠯᠲᠠ ᠶᠢᠨ ᠦᠢᠯᠡᠴᠢᠯᠡᠭᠡ᠂ ᠠᠵᠤ ᠠᠬᠤᠶᠢᠯᠠᠯ ᠤᠨ ᠬᠦᠭᠵᠢᠯᠳᠡ᠂ ᠬᠥᠳᠡᠯᠮᠦᠷᠢ ᠬᠦᠴᠦᠨ ᠤ ᠭᠠᠷᠭᠠᠯᠲᠠ | ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠠᠵᠢᠯ ᠣᠯᠭᠤᠯᠲᠠ ᠪᠣᠯ ᠠᠷᠠᠳ ᠤᠨ | ᠠᠮᠢᠳᠤᠷᠠᠯ ᠤᠨ ᠦᠨᠳᠦᠰᠦ ᠮᠥᠨ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠵᠡᠷᠭᠡ ᠲᠠᠪᠴᠠᠩ ᠢ ᠤᠯᠠᠮ ᠨᠢᠭᠡ | ᠠᠯᠬᠤᠮ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠪᠡᠭᠡᠵᠢᠩ ᠵᠡᠷᠭᠡ ᠬᠡᠷᠡᠭᠴᠡᠭᠡ ᠶᠡᠬᠡᠲᠡᠶ᠂ ᠣᠷᠣᠯᠭ᠎ᠠ ᠶᠡᠬᠡᠲᠡᠶ | ᠬᠥᠳᠡᠯᠮᠦᠷᠢ ᠦᠢᠯᠡᠴᠢᠯᠡᠭᠡᠨ ᠤ ᠵᠠᠬ᠎ᠠ ᠳᠡᠯᠭᠡᠭᠦᠷ ᠲᠠᠢ ᠵᠣᠯᠭᠠᠭᠤᠯᠬᠤ ᠶᠢ ᠪᠥᠬᠦ ᠲᠠᠯ᠎ᠠ ᠪᠠᠷ ᠴᠢᠩᠭᠠᠳᠬᠠᠨ᠂ ᠣᠯᠠᠨ | ᠲᠦᠮᠡᠨ ᠳᠤ ᠨᠠᠩ ᠦᠷᠬᠦᠯᠵᠢᠯᠡᠬᠦᠶᠢᠴᠡ᠂ ᠨᠠᠩ ᠲᠣᠭᠲᠠᠪᠤᠷᠢᠲᠠᠶ ᠠᠵᠢᠯ ᠣᠯᠭᠤᠯᠲᠠ ᠶᠢ ᠠᠬᠢᠭᠤᠯᠬᠤ ᠬᠡᠷᠡᠭᠲᠡᠶ᠃ | ᠠᠵᠤ ᠠᠬᠤᠶᠢᠯᠠᠯ ᠢ ᠬᠦᠭᠵᠢᠭᠦᠯᠬᠦ ᠠᠵᠢᠯ ᠢ ᠪᠣᠳᠠᠲᠠᠢ ᠠᠳᠬᠤᠵᠤ ᠰᠠᠶᠢᠲᠤᠷ ᠠᠳᠬᠤᠵᠤ᠂ ᠨᠡᠩ ᠤᠯᠠᠨ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠬᠤ ᠪᠠᠷ ᠳᠠᠮᠵᠢᠨ ᠠᠵᠢᠯ ᠣᠯᠭᠤᠯᠲᠠ ᠶᠢᠨ ᠵᠠᠮ ᠢ ᠥᠷᠭᠡᠳᠭᠡᠵᠦ᠂ | ᠴᠢᠨᠠᠷ ᠰᠠᠶᠢᠲᠠᠢ ᠤᠷ᠎ᠠ ᠴᠢᠳᠠᠪᠤᠷᠢ ᠶᠢᠨ ᠪᠣᠯᠪᠠᠰᠤᠷᠠᠯ ᠢᠶᠠᠷ ᠳᠠᠮᠵᠢᠨ ᠠᠵᠤ ᠠᠬᠤᠶᠢᠯᠠᠯ ᠳᠤ ᠨᠡᠩ ᠤᠯᠠᠨ ᠰᠢᠯᠢᠳᠡᠭ | ᠠᠵᠢᠯᠳᠠᠨ ᠬᠠᠩᠭᠠᠵᠤ᠂ ᠠᠵᠤ ᠠᠬᠤᠶᠢᠯᠠᠯ ᠢ ᠪᠤᠵᠠᠭᠠᠶᠢᠷᠠᠭᠤᠯᠬᠤ᠂ ᠤᠯᠠᠨ ᠲᠦᠮᠡᠨ ᠤ ᠠᠵᠢᠯ ᠣᠯᠵᠤ ᠣᠷᠣᠯᠭ᠎ᠠ ᠶᠢ | ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠬᠡᠪᠡ᠃ | ᠯᠦ ᠵᠢᠶ ᠲᠡᠯᠡᠶ ᠶᠢᠨ ᠢᠳᠡᠭᠡᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ᠂ ᠰᠦᠬᠡ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ᠂ ᠪᠦᠲᠦᠭᠡᠭᠳᠡᠬᠦᠨ ᠤ ᠦᠨ᠎ᠡ | ᠬᠠᠩᠰᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠣᠷᠣᠨ ᠪᠦᠰᠡ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠤᠨ᠂ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠬᠦᠷᠢᠶ᠎ᠠ᠂ ᠭᠤᠣᠯᠳᠠᠯᠭ᠎ᠠ ᠲᠠᠢ ᠠᠵᠤ | ᠦᠢᠯᠡᠰ ᠢ ᠲᠥᠪᠯᠡᠷᠡᠭᠦᠯᠵᠦ᠂ ᠨᠡᠩ ᠤᠯᠠᠨ ᠲᠠᠭᠠᠭᠤᠯᠤᠭᠴᠢ ᠬᠡᠯᠪᠡᠷᠢ ᠶᠢᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ︽ᠬᠠᠷᠢᠯᠴᠠᠨ | ᠨᠥᠬᠦᠪᠥᠷᠢᠯᠡᠬᠦ ᠬᠡᠯᠪᠡᠷᠢ︾ ᠶᠢᠨ ᠠᠵᠤ ᠦᠢᠯᠡᠰ ᠤᠨ ᠬᠠᠮᠲᠤᠷᠠᠯᠴᠠᠭ᠎ᠠ ᠪᠣᠯᠤᠨ ᠣᠷᠣᠨ ᠨᠤᠲᠤᠭ ᠠᠵᠤ | ᠠᠬᠤᠶᠢᠯᠠᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠬᠦᠴᠦᠯᠡᠨ | ᠪᠤᠶᠢᠵᠢᠭᠤᠯᠵᠤ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ | ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠨᠡᠮᠡᠷᠢᠯᠡᠬᠦ ᠬᠡᠷᠡᠭᠲᠡᠢ ᠭᠡᠵᠡᠢ᠃ | ᠠᠶᠢᠮᠠᠭ ᠤᠨ ᠤᠳᠤᠷᠢᠳᠤᠯᠭ᠎ᠠ ᠭᠦ᠋ ᠯᠢ ᠮᠢᠨ᠂ ᠰᠦᠨ ᠱᠤ᠋ ᠲᠤᠤ ᠵᠢᠴᠢ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠯᠳᠠ ᠳᠤ ᠣᠷᠣᠯᠴᠠᠪᠠ᠃ ︵ | ᠵᠠᠩ ᠴᠢᠶᠠᠩ ᠯᠢ ᠤᠭ᠍ᠶᠦ︶ |