ᠡᠮᠦᠨᠡᠲᠦ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/25
      ᠤᠶᠢᠷ᠎ᠠ ᠶᠢᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠴᠠᠭᠳᠠᠭᠠᠨ ᠤ ᠬᠦᠴᠦᠨ ᠢᠶᠠᠨ ᠵᠣᠬᠢᠶᠠᠨ ᠪᠠᠶᠢᠭᠤᠯᠤᠨ ︽ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠠᠭᠠᠯᠠᠬᠤ︾ ᠪᠠᠷ ᠰᠡᠳᠦᠪᠯᠡᠭᠰᠡᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠠᠢ᠃      ᠠᠵᠢᠯᠯᠠᠭ᠎ᠠ ᠳᠤ᠂ ᠺᠠᠳ᠋ᠷ ᠴᠠᠭᠳᠠᠭ᠎ᠠ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠡᠷᠡᠭ ᠤᠨ ᠵᠢᠱᠢᠶ᠎ᠡ ᠪᠠᠷ ᠬᠠᠤᠯᠢ ᠲᠠᠶᠢᠯᠪᠤᠷᠢᠯᠠᠬᠤ ᠠᠷᠭ᠎ᠠ ᠮᠠᠶ᠋ᠢᠭ ᠢᠶᠠᠷ ᠣᠯᠠᠨ ᠲᠦᠮᠡᠨ ᠳᠤ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠰᠠᠭᠤᠬᠤ ᠳᠤ ᠠᠮᠤᠷ ᠲᠦᠪᠰᠢᠨ ᠤ ᠳᠤᠭᠤᠯᠠᠭ᠎ᠠ ᠵᠡᠭᠦᠬᠦ ᠥᠬᠡᠶ᠂ ᠲᠡᠷᠭᠡ ᠵᠢᠯᠣᠭᠤᠳᠬᠤ ᠳᠤ ᠠᠮᠤᠷ ᠲᠦᠪᠰᠢᠨ ᠤ ᠪᠦᠰᠡ ᠪᠦᠰᠡᠯᠡᠬᠦ ᠥᠬᠡᠶ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠤᠤᠷ ᠬᠥᠨᠥᠭᠡᠯ ᠵᠢᠴᠢ ᠤᠴᠠᠷᠠᠭᠤᠯᠵᠦ ᠮᠡᠳᠡᠬᠦ ᠬᠦᠨᠳᠦ ᠨᠣᠴᠢᠲᠠᠶ ᠦᠷ᠎ᠡ ᠳ᠋ᠦᠩ ᠢ ᠠᠮᠢᠳᠤᠯᠢᠬ ᠢᠶᠠᠷ ᠤᠬᠠᠭᠤᠯᠤᠨ ᠳᠠᠶᠢᠯᠪᠤᠷᠢᠯᠠᠪᠠ᠃ ᠡᠬᠦᠨ ᠤ ᠬᠠᠮᠳᠤ᠂ ᠬᠦᠳᠡᠭᠡ ᠲᠤᠰᠬᠤᠨ ᠮᠠᠯᠵᠢᠬᠤ ᠤᠷᠤᠨ ᠤ ᠤᠯᠠᠨ ᠲᠦᠮᠡᠨ ᠢ ᠡᠳᠦᠷ ᠲᠤᠲᠤᠮ ᠶᠠᠪᠤᠵᠤ ᠰᠠᠭᠤᠬᠤ ᠳᠠᠭᠠᠨ ᠵᠠᠮ ᠬᠠᠷᠢᠯᠴᠠᠭᠠᠨ ᠤ ᠠᠮᠤᠷ ᠲᠦᠪᠰᠢᠨ ᠢ ᠴᠠᠭ ᠢᠮᠠᠭᠲᠠ ᠪᠠᠷᠢᠮᠳᠠᠯᠠᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠮᠠᠭᠤ ᠳᠠᠳᠬᠠᠯ ᠢ ᠤᠬᠠᠮᠰᠠᠷ ᠠᠴᠠ ᠪᠠᠨ ᠲᠠᠶᠠᠭᠳᠠᠬᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠠᠮᠤᠷ ᠲᠦᠪᠰᠢᠨ ᠪᠣᠯᠪᠠᠰᠤᠨ ᠢᠶᠠᠷ ᠶᠠᠪᠤᠵᠦ ᠰᠠᠭᠤᠬᠤ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠬᠦ ᠶᠢ ᠰᠠᠨᠠᠭᠠᠴᠢᠯᠠᠬᠰᠠᠨ ᠪᠠᠶᠢᠨ᠎ᠠ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠳᠤ ᠵᠠᠮ ᠬᠠᠷᠢᠯᠴᠠᠭᠠᠨ ᠤ ᠮᠠᠭᠤ ᠳᠠᠳᠬᠠᠯ ᠢ ᠤᠬᠠᠮᠰᠠᠷ ᠠᠴᠠ ᠪᠠᠨ ᠲᠠᠶᠠᠭᠳᠠᠭᠤᠯᠵᠦ᠂ ᠵᠠᠮ ᠬᠠᠷᠢᠯᠴᠠᠭᠠᠨ ᠤ ᠡᠮᠬᠢ ᠵᠢᠷᠤᠮ ᠢ ᠤᠬᠠᠮᠰᠠᠷ ᠠᠴᠠ ᠪᠠᠨ ᠬᠠᠮᠠᠭᠠᠯᠠᠨ᠂ ᠵᠠᠮ ᠬᠠᠷᠢᠯᠴᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠬᠥᠮᠦᠰ ᠤᠨ ᠰᠡᠳᠭᠢᠯ ᠳᠤ ᠭᠦᠨ ᠬᠠᠳᠠᠩᠰᠢᠭᠤᠯᠪᠠ᠃ ᠬᠤᠨᠭ᠌ ᠮᠸᠢ ᠮᠡᠳᠡᠭᠡᠯᠡᠪᠡ
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号