| 3 ᠰᠠᠷ᠎ᠠ ᠶᠢᠨ 21 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠨᠠᠮ ᠤᠨ ᠬᠤᠷᠢᠶᠠᠨ ᠤ ᠬᠢᠨᠠᠨ ᠪᠤᠳᠤᠬᠤ | ᠵᠥᠪᠯᠡᠯ ᠤᠨ ᠡᠷᠭᠢᠯᠡᠭᠴᠢ ᠰᠦᠨ ᠱᠤ᠋ ᠲᠤᠤ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ | ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠳᠣᠯᠣᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ | ᠬᠤᠰᠢᠭᠤᠨ ᠤ ᠨᠠᠮ ᠤᠨ ᠬᠤᠷᠢᠶᠠᠨ ᠤ ᠳᠠᠳ᠋ ᠱᠦᠵᠢ᠂ ᠬᠤᠰᠢᠭᠤᠨ ᠳᠠᠷᠤᠭ᠎ᠠ᠂ ᠬᠤᠰᠢᠭᠤᠨ ᠤ ᠨᠠᠮ ᠤᠨ | ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠳᠠᠳ᠋ ᠡᠷᠭᠢᠯᠡᠭᠴᠢ ᠯᠢᠦ ᠬᠠᠶ ᠲᠤᠤ ᠬᠤᠷᠠᠯ ᠳᠤ ᠣᠷᠣᠯᠴᠠᠵᠠᠶ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠰᠠᠶᠢᠳ ᠯᠢ ᠴᠢᠶᠠᠩ ᠤᠨ ᠬᠢᠨᠠᠨ ᠪᠤᠳᠤᠬᠤ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ︽2023 ᠣᠨ ᠤ ᠬᠤᠰᠢᠭᠤᠨ ᠤ ᠳᠡᠰ ᠤᠨ ᠲᠥᠰᠦᠪ ᠤᠨ | ᠬᠡᠷᠡᠭᠵᠢᠭᠦᠯᠦᠯᠲᠡ ᠵᠢᠴᠢ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠲᠠ ᠶᠢᠨ | ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ︾ ︽ | ᠬᠤᠰᠢᠭᠤᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ 2024 ᠣᠨ ᠤ ᠠᠵᠢᠯ ᠤᠨ ᠳ᠋ᠦᠩᠨᠡᠯᠲᠡ ᠶᠢᠨ | ᠮᠡᠳᠡᠭᠦᠯᠦᠯᠲᠡ︾ ︽2025 ᠣᠨ ᠤ ᠬᠢᠨᠠᠨ ᠪᠤᠳᠤᠬᠤ ᠲᠥᠷᠥᠯ ᠵᠦᠢᠯ ᠢ ᠨᠢᠭᠡᠳᠦᠯᠲᠡᠶ ᠵᠣᠬᠢᠶᠠᠨ ᠪᠠᠶᠢᠭᠤᠯᠬᠤ | ᠲᠥᠯᠥᠪᠯᠡᠭᠡ ︵ᠲᠥᠰᠦᠯ︶︾ ᠶᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ᠂ 2025 ᠣᠨ ᠪᠣᠯ ᠪᠥᠬᠦ ᠤᠯᠤᠰ ᠤᠨ ᠬᠢᠨᠠᠨ ᠪᠤᠳᠤᠬᠤ ᠰᠢᠰᠲ᠋ᠧᠮ ᠤᠨ ︽ᠰᠢᠨᠵᠢᠯᠡᠬᠦ | ᠤᠬᠠᠭᠠᠨᠴᠢ ᠪᠠᠷ ᠵᠢᠷᠤᠮᠵᠢᠭᠤᠯᠤᠨ ᠳᠡᠭᠡᠭᠰᠢᠯᠡᠭᠦᠯᠬᠦ ᠣᠨ︾ ᠮᠥᠨ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠬᠢᠨᠠᠨ ᠪᠤᠳᠤᠬᠤ ᠠᠵᠢᠯ ᠳᠤ ᠭᠤᠤᠯ ᠬᠠᠷᠢᠭᠤᠴᠠᠯᠭ᠎ᠠ ᠭᠤᠤᠯ ᠠᠵᠢᠯ ᠢ ᠠᠳᠬᠤᠬᠤ ᠶᠢ ᠪᠠᠷᠢᠮᠲᠠᠯᠠᠨ᠂ | ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠢ ᠪᠥᠬᠦ ᠲᠠᠯ᠎ᠠ ᠪᠠᠷ ᠰᠢᠨ᠎ᠡ ᠶᠢ ᠡᠭᠦᠳᠴᠦ᠂ ᠬᠢᠨᠠᠨ ᠪᠤᠳᠤᠬᠤ | ᠠᠵᠢᠯ ᠢ ᠴᠢᠨᠠᠷ ᠰᠠᠶᠢᠲᠠᠶ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠬᠢᠨᠠᠨ ᠪᠤᠳᠤᠬᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠰᠢᠭᠤᠨ ᠤ ᠨᠠᠮ ᠤᠨ ᠬᠤᠷᠢᠶ᠎ᠠ ᠶᠢᠨ | ᠬᠢᠨᠠᠨ ᠪᠤᠳᠤᠬᠤ ᠵᠥᠪᠯᠡᠯ ᠤᠨ ᠳᠡᠳ᠋ ᠡᠷᠬᠢᠯᠡᠭᠴᠢ ᠬᠤᠸᠠᠩ ᠮᠠᠨ ᠯᠢᠶᠠᠩ᠂ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ | ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠳᠡᠳ᠋ ᠡᠷᠬᠢᠯᠡᠭᠴᠢ ᠸᠠᠩ ᠮᠧᠩ᠂ ᠬᠤᠰᠢᠭᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ᠂ | ᠬᠤᠰᠢᠭᠤᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠭᠡᠰᠢᠭᠦᠨ ᠯᠢᠦ ᠢᠦᠶ ᠪᠥᠸᠧ ᠬᠤᠷᠠᠯ ᠳᠤ | ᠣᠷᠣᠯᠴᠠᠵᠠᠶ᠃ |