ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 140 ᠳ᠋ᠣᠭᠡᠷ ᠤᠳᠠᠭᠠᠨ ᠤ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/3/25
    3 ᠰᠠᠷ᠎ᠠ ᠶᠢᠨ 21 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 140 ᠳ᠋ᠤᠭᠡᠷ ᠤᠳᠠᠭᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠵᠢᠴᠢ ᠬᠤᠰᠢᠭᠤᠨ ᠤ ᠨᠠᠮ ᠤᠨ ᠬᠤᠷᠢᠶ᠎ᠠ ᠳᠤ ᠪᠠᠶᠢᠭ᠎ᠠ ᠪᠤᠰᠤᠳ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠰᠤᠯᠠ ᠣᠷᠣᠯᠴᠠᠵᠠᠶ᠃    ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠲᠤᠬᠠᠶ ᠰᠤᠷᠤᠯᠴᠠᠯᠭ᠎ᠠ ᠬᠥᠮᠦᠵᠢᠯ ᠤᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠪᠥᠬᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠤᠬᠠᠶ ᠲᠥᠪ ᠬᠤᠷᠢᠶ᠎ᠠ ᠂ ᠣᠷᠣᠨ᠂ ᠠᠶᠢᠮᠠᠭ ᠤᠨ ᠬᠠᠮᠤᠭ ᠤᠨ ᠰᠢᠨ᠎ᠡ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠪᠠ᠃ ︽ᠪᠥᠬᠦ ᠬᠤᠰᠢᠭᠤᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠠᠵᠢᠯ ᠤᠨ ᠲᠣᠬᠢᠷᠠᠭᠤᠯᠤᠯᠲᠠ︾ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠵᠢᠯ ᠤᠨ ᠭᠤᠤᠯᠳᠠᠯᠭ᠎ᠠ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠪᠠ᠃    ᠬᠤᠷᠠᠯ ᠠᠴᠠ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ᠂ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠪᠠᠷᠢᠮᠵᠢᠶ᠎ᠠ ᠲᠠᠢ ᠬᠠᠷᠢᠴᠠᠭᠤᠯᠵᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠳᠤ ᠰᠡᠳᠬᠢᠯ ᠲᠠᠯᠪᠢᠨ ᠬᠦᠴᠦᠯᠡᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠳᠤ ᠴᠢᠳᠠᠮᠠᠭᠠᠢ ᠪᠠᠷ ᠠᠷᠭ᠎ᠠ ᠤᠬᠠᠭᠠᠨ ᠰᠦᠪᠡᠭᠴᠢᠯᠡᠵᠦ᠂ ᠠᠵᠢᠯ ᠤᠨ ᠰᠠᠨᠠᠭᠠᠴᠢᠯᠠᠭ᠎ᠠ ᠲᠠᠢ ᠪᠠᠶᠢᠬᠤ ᠶᠢ ᠡᠵᠡᠮᠳᠡᠵᠦ᠂ ᠰᠤᠷᠤᠯᠴᠠᠯᠭ᠎ᠠ ᠬᠥᠮᠦᠵᠢᠯ᠂ ᠲᠤᠬᠠᠶᠢᠯᠠᠭᠰᠠᠨ ᠠᠵᠢᠯ ᠤᠨ ᠬᠤᠶᠠᠷ ᠲᠠᠯ᠎ᠠ ᠶᠢ ᠠᠳᠬᠤᠵᠤ᠂ ᠬᠤᠶᠠᠷ ᠲᠠᠯ᠎ᠠ ᠶᠢ ᠴᠥᠮ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠭᠡᠯ ᠢᠶᠠᠷ ᠨᠢᠭᠡᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ᠂ ︽ᠬᠤᠶᠠᠷ ᠶᠡᠭᠡ ᠶᠠᠪᠤᠳᠠᠯ︾ ᠢ ᠦᠷᠭᠦᠯᠵᠢᠯᠡᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠲᠤ ᠴᠢᠩᠭ᠎ᠠ ᠦᠵᠡᠯ ᠰᠠᠨᠠᠭᠠᠨ ᠤ ᠪᠠ ᠰᠠᠬᠢᠯᠭ᠎ᠠ ᠪᠠᠲᠤ ᠶᠢᠨ ᠪᠠᠲᠤᠯᠠᠭ᠎ᠠ ᠶᠢ ᠬᠠᠩᠭᠠᠬᠤ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠳᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠬᠤ ᠲᠤᠬᠠᠢ 5 ᠲᠠᠯ᠎ᠠ ᠶᠢᠨ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠬᠤᠷᠠᠯ ᠢ ᠴᠠᠭ ᠲᠤᠬᠠᠢ ᠳᠤᠨᠢ ᠬᠤᠷᠠᠯᠳᠤᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠱᠠᠭᠠᠷᠳᠠᠯᠭᠠᠳᠤ ᠴᠢᠨᠠᠷ᠂ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠨᠵᠡᠭᠡᠢ ᠣᠶᠢᠯᠠᠭᠠᠬᠤ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠴᠢᠩᠭ᠎ᠠ ᠪᠠᠶᠢᠬᠤ ᠦᠨᠳᠦᠰᠦᠨ ᠬᠦᠭ ᠠᠶᠠᠰ ᠢ ᠡᠬᠢᠨ ᠠᠴᠠ ᠨᠢ ᠳᠠᠭᠤᠰᠲᠠᠯ᠎ᠠ ᠲᠤᠭᠤᠰᠢᠯᠠᠭᠤᠯᠤᠨ᠂ ᠤᠳᠤᠷᠢᠳᠬᠤ ᠬᠠᠷᠢᠭᠤᠴᠠᠯᠭ᠎ᠠ ᠶᠢ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠶᠢ ᠴᠢᠩᠭᠠᠳᠬᠠᠵᠤ᠂ 16 ᠵᠦᠢᠯ ᠤᠨ ᠪᠣᠳᠠᠲᠠᠢ ᠶᠠᠪᠤᠳᠠᠯ ᠵᠢᠴᠢ ︽ᠨᠢᠭᠡ ᠪᠠᠯᠭᠠᠰᠤ ᠵᠡᠭᠡᠯᠢ ᠨᠢᠭᠡ ᠪᠣᠳᠠᠲᠠᠢ ᠶᠠᠪᠤᠳᠠᠯ︾ ᠢ ᠦᠨᠡᠨ ᠰᠡᠳᠬᠢᠯ ᠠᠴᠠ ᠪᠠᠨ ᠰᠦᠪᠡᠭᠴᠢᠯᠡᠵᠦ᠂ ᠪᠣᠳᠠᠲᠠᠢ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ  ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠵᠣᠷᠢᠯᠲᠠ ᠶᠢᠨ ᠤᠬᠠᠮᠰᠠᠷ᠂ ᠤᠯᠠᠨ ᠲᠦᠮᠡᠨᠴᠢ ᠦᠵᠡᠯᠲᠡ ᠶᠢ ᠨᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠦᠨᠡᠨ ᠰᠡᠳᠬᠢᠯ ᠠᠴᠠ ᠪᠠᠨ ᠬᠦᠴᠦ ᠣᠷᠣᠭᠤᠯᠤᠨ ᠰᠠᠶᠢᠲᠤᠷ ᠬᠢᠵᠦ᠂ ᠤᠯᠠᠨ ᠲᠦᠮᠡᠨ ᠳᠤ ᠲᠦᠷᠦᠭᠳᠡᠯ ᠣᠯᠭᠤᠬᠤ ᠬᠡᠷᠡᠭᠲᠡᠢ᠃ ᠨᠠᠮ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ᠂ ᠰᠣᠶᠣᠯ ᠤᠨ ᠠᠵᠢᠯ ᠳᠠᠬᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠤᠮᠵᠢ ᠶᠢᠨ ᠡᠷᠬᠡ ᠶᠢ ᠪᠠᠲᠤ ᠡᠵᠡᠮᠰᠢᠵᠦ᠂ ᠰᠦᠯᠵᠢᠶᠡᠨ ᠳᠡᠭᠡᠷᠡᠬᠢ ᠭᠤᠤᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠦᠷᠭᠦᠯᠵᠢᠯᠡᠨ ᠪᠠᠬᠢᠵᠢᠭᠦᠯᠵᠤ᠂ ᠪᠥᠬᠦ ᠠᠶᠢᠮᠠᠭ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠨᠳᠦ ᠶᠡᠭᠡ ᠲᠦᠭᠰᠢᠭᠦᠷᠢ ᠶᠢ ᠤᠷᠢᠳᠴᠢᠯᠠᠨ ᠦᠨᠡᠯᠡᠬᠦ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠦᠴᠦᠲᠡᠶ ᠬᠠᠮᠠᠭᠠᠯᠠᠵᠤ᠂ ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号