ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠪᠠᠶᠢᠴᠠᠭᠠᠨ ᠰᠤᠳᠤᠯᠵᠠᠢ
ᠨᠡᠶᠢᠲᠡᠯᠡᠭᠰᠡᠨ ᠴᠠᠭ᠄
2025/3/25
      3 ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠪᠠᠶᠢᠩᠭᠤ ᠶᠢᠨ ᠳᠡᠳ᠋ ᠵᠠᠬᠢᠷᠤᠯ ᠳ᠋ᠦ᠋ ᠰᠢᠨ ᠪᠠᠭ ᠤᠨ ᠭᠡᠰᠢᠭᠦᠳ ᠢᠶᠠᠨ ᠳᠠᠭᠠᠭᠤᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠢᠷᠡᠵᠦ᠂ ᠨᠠᠮ ᠤᠨ ᠰᠤᠷᠭᠠᠭᠤᠯᠢ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠢᠶᠠᠩ ᠪᠸᠢ ᠫᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠮᠡᠳᠡᠭᠦᠯᠦᠯᠲᠡ ᠶᠢᠨ ᠲᠢᠩᠬᠢᠮ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠭᠡᠰᠢᠭᠦᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠰᠤᠷᠭᠠᠭᠤᠯᠢ ᠶᠢᠨ ᠥᠪᠡᠷ ᠢᠶᠠᠨ ᠨᠠᠶᠢᠷᠠᠭᠤᠯᠵᠤ ᠥᠪᠡᠷ ᠢᠶᠠᠨ ᠵᠢᠯᠣᠭᠤᠳᠴᠤ ᠥᠪᠡᠷ ᠢᠶᠠᠨ ᠲᠣᠭᠯᠠᠭᠰᠠᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠭᠤᠤᠯ ᠰᠡᠳᠦᠪᠲᠦ ᠠᠬᠤᠶ ᠪᠠᠶᠢᠳᠠᠯ ᠤᠨ ᠨᠠᠮ ᠤᠨ ᠬᠢᠴᠢᠶᠡᠯ ᠤᠨ ︽ᠴᠠᠭ ᠮᠥᠴᠡ ᠶᠢᠨ ᠥᠯᠢᠭᠡᠷ︾ ᠢ ᠦᠵᠡᠭᠰᠡᠨ ᠪᠥᠭᠡᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠪᠢᠰᠬᠠᠯ ᠤᠨ ᠡᠬᠢ ᠪᠠᠶᠠᠯᠢᠭ ᠲᠤ ᠲᠦᠰᠢᠭᠯᠡᠨ ᠨᠠᠮᠴᠢ ᠴᠢᠨᠠᠷ ᠤᠨ ᠬᠥᠮᠦᠵᠢᠯ ᠥᠷᠨᠢᠭᠦᠯᠦᠭᠰᠡᠨ ᠠᠵᠢᠯ ᠤᠨ ᠠᠷᠭ᠎ᠠ ᠬᠢᠳᠡᠯ ᠢ ᠭᠦᠢᠴᠡᠳ ᠨᠤᠲᠠᠯᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠲᠥᠬᠦᠭᠡᠷᠦᠮᠵᠢ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠵᠢᠭᠠᠨ ᠰᠤᠷᠭᠠᠯᠲᠠ ᠶᠢᠨ ᠰᠤᠳᠤᠯᠤᠨ ᠶᠠᠷᠢᠯᠴᠠᠬᠤ ᠲᠠᠰᠤᠭ᠂ ᠪᠠᠶᠢᠷᠢ᠂ ᠨᠣᠮ ᠤᠨ ᠥᠷᠥᠭᠡ ᠵᠡᠷᠭᠡ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃    ᠶᠠᠷᠢᠯᠴᠠᠬᠤ ᠬᠤᠷᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠰᠤᠷᠭᠠᠨ ᠬᠥᠮᠦᠵᠢᠯ ᠤᠨ ᠬᠢᠴᠢᠶᠡᠯ ᠤᠨ ᠰᠢᠰᠲ᠋ᠧᠮ᠂ ᠰᠤᠷᠤᠯᠴᠠᠭᠴᠢᠳ ᠤᠨ ᠪᠣᠯᠪᠠᠰᠤᠷᠠᠯ ᠤᠨ ᠪᠠᠶᠢᠳᠠᠯ ᠵᠢᠴᠢ 2025 ᠣᠨ ᠤ ᠠᠵᠢᠯ ᠤᠨ ᠲᠥᠯᠥᠪᠯᠡᠭᠡ ᠶᠢᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠬᠤᠶᠠᠷ ᠱᠠᠲᠤᠨ ᠤ ᠨᠠᠮ ᠤᠨ ᠰᠤᠷᠭᠠᠭᠤᠯᠢ ᠶᠢᠨ ᠬᠤᠭᠤᠷᠣᠨᠳᠣᠬᠢ ᠨᠥᠬᠦᠷᠯᠡᠯ ᠪᠠ ᠬᠠᠮᠲᠤᠷᠠᠯᠴᠠᠭ᠎ᠠ ᠶᠢ ᠵᠤᠵᠠᠭᠠᠳᠬᠠᠭᠰᠠᠨ ᠢᠶᠠᠷ ᠪᠠᠷᠠᠬᠤ ᠥᠬᠡᠶ᠂ ᠪᠠᠰᠠ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠦᠨᠳᠦᠰᠦᠨ ᠱᠠᠲᠤᠨ ᠤ ᠨᠠᠮ ᠤᠨ ᠰᠤᠷᠭᠠᠭᠤᠯᠢ ᠶᠢᠨ ᠵᠢᠷᠤᠮᠵᠢᠭᠤᠯᠤᠯᠲᠠ ᠶᠢᠨ ᠪᠠᠶᠢᠭᠤᠯᠤᠯᠲᠠ᠂ ᠵᠢᠭᠠᠨ ᠰᠤᠷᠭᠠᠯᠲᠠ ᠶᠢᠨ ᠵᠢᠯᠣᠭᠤᠳᠣᠯᠭ᠎ᠠ ᠵᠢᠴᠢ ᠦᠨᠳᠦᠰᠦᠨ ᠱᠠᠲᠤᠨ ᠤ ᠨᠠᠮ ᠤᠨ ᠰᠤᠷᠭᠠᠭᠤᠯᠢ ᠶᠢᠨ ᠬᠥᠮᠦᠵᠢᠯ ᠪᠣᠯᠪᠠᠰᠤᠷᠠᠯ ᠤᠨ ᠪᠡᠷᠬᠡ ᠰᠡᠳᠦᠪ ᠢ ᠪᠦᠲᠦᠮᠵᠢᠲᠡᠶ ᠰᠢᠢᠳᠪᠤᠷᠢᠯᠡᠬᠦ ᠳᠤ ᠲᠣᠯᠢ ᠪᠣᠯᠭᠠᠬᠤ ᠰᠡᠳᠬᠢᠮᠵᠢ ᠬᠠᠩᠭᠠᠭᠰᠠᠨ ᠪᠠᠶᠢᠨ᠎ᠠ ᠭᠡᠵᠡᠶ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠨᠠᠮ ᠤᠨ ᠰᠤᠷᠭᠠᠭᠤᠯᠢ ᠨᠢ ᠨᠠᠮ ᠤᠨ ᠭᠡᠰᠢᠭᠦᠨ ᠺᠠᠳ᠋ᠷᠴᠤᠳ ᠢ ᠳᠠᠪᠲᠠᠨ ᠪᠣᠯᠪᠠᠰᠤᠷᠠᠭᠤᠯᠬᠤ ᠭᠠᠵᠠᠷ ᠪᠣᠯᠤᠭᠰᠠᠨ ᠤ ᠬᠤᠪᠢ ᠳᠤ᠂ ︽ᠨᠠᠮ ᠳᠤ ᠬᠥᠮᠦᠨ ᠬᠥᠮᠦᠵᠢᠭᠦᠯᠤᠨ ᠦᠭᠬᠦ᠂ ᠨᠠᠮ ᠳᠤ ᠠᠷᠭ᠎ᠠ ᠤᠬᠠᠭᠠᠨ ᠳᠡᠪᠰᠢᠬᠦᠯᠬᠦ︾ ᠤᠬ ᠰᠠᠨᠠᠭ᠎ᠠ ᠶᠢ ᠢᠮᠠᠭᠲᠠ ᠪᠠᠲᠤ ᠰᠠᠬᠢᠵᠤ᠂ ᠨᠠᠮ ᠤᠨ ᠰᠤᠷᠭᠠᠭᠤᠯᠢ ᠶᠢᠨ ᠵᠢᠭᠰᠠᠭᠠᠯ ᠤᠨ ᠭᠠᠵᠠᠷ ᠤᠨ ᠳᠠᠪᠠᠭᠤᠯᠢᠭ ᠢ ᠴᠢᠨᠠᠭᠰᠢᠳᠠ ᠪᠠᠳᠠᠷᠠᠭᠤᠯᠤᠨ᠂ ᠰᠤᠷᠭᠠᠭᠤᠯᠢ ᠡᠷᠬᠢᠯᠡᠬᠦ ᠣᠨᠴᠠᠯᠢᠭ ᠢ ᠲᠤᠪᠤᠶᠢᠯᠭᠠᠵᠦ᠂ ᠤᠨᠤᠯ ᠤᠨ ᠬᠥᠮᠦᠵᠢᠯ ᠢ ᠨᠡᠩ ᠰᠢᠰᠲ᠋ᠧᠮ ᠲᠠᠢ ᠭᠦᠨᠵᠡᠭᠡᠶᠢᠷᠡᠭᠦᠯᠬᠦ᠂ ᠴᠢᠳᠠᠪᠤᠷᠢ ᠶᠢᠨ ᠪᠣᠯᠪᠠᠰᠤᠷᠠᠯ ᠢ ᠨᠡᠩ ᠨᠠᠷᠢᠯᠢᠭ ᠣᠨᠣᠴᠠᠲᠠᠢ ᠥᠨᠳᠥᠷ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ᠃ ᠰᠤᠳᠤᠯᠭᠠᠨ ᠤ ᠬᠡᠯᠪᠡᠷᠢ ᠶᠢᠨ ᠰᠤᠷᠭᠠᠨ ᠬᠥᠮᠦᠵᠢᠯ ᠤᠨ ᠵᠠᠭᠪᠤᠷ ᠢ ᠥᠷᠭᠡᠨ ᠢᠶᠠᠷ ᠥᠷᠨᠢᠭᠦᠯᠵᠦ᠂ ᠬᠡᠷᠡᠭ ᠤᠨ ᠵᠢᠱᠢᠶ᠎ᠡ ᠪᠠᠷ ᠵᠢᠭᠠᠨ ᠰᠤᠷᠭᠠᠬᠤ ᠠᠷᠭ᠎ᠠ ᠮᠠᠶ᠋ᠢᠭ ᠤᠨ ᠦᠢᠯᠡᠳᠦᠯᠭᠡ ᠶᠢᠨ ᠬᠡᠷᠡᠭᠯᠡᠯᠲᠡ ᠶᠢ ᠴᠢᠩᠭᠠᠳᠬᠠᠨ᠂ ᠬᠡᠷᠡᠭ ᠤᠨ ᠵᠢᠱᠢᠶ᠎ᠡ ᠪᠠᠷ ᠰᠤᠷᠭᠠᠨ ᠬᠥᠮᠦᠵᠢᠭᠦᠯᠬᠦ ᠵᠠᠭᠪᠤᠷ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠢᠴᠢᠶᠡᠯᠯᠡᠭᠡ ᠶᠢᠨ ᠵᠢᠭᠠᠨ ᠰᠤᠷᠭᠠᠯᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠨᠠᠮ ᠤᠨ ᠰᠤᠷᠭᠠᠭᠤᠯᠢ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠪᠣᠯᠪᠠᠰᠤᠷᠠᠯ ᠬᠥᠮᠦᠵᠢᠯ ᠢ ᠥᠷᠨᠢᠭᠦᠯᠤᠨ᠂ ᠵᠠᠯᠠᠭᠤ ᠪᠠᠭᠰᠢ ᠨᠠᠷ ᠤᠨ ᠡᠯ᠎ᠡ ᠱᠠᠲᠤᠨ ᠤ ᠨᠠᠮ ᠤᠨ ᠰᠤᠷᠭᠠᠭᠤᠯᠢ ᠳᠤ ᠬᠢᠴᠢᠶᠡᠯ ᠣᠷᠣᠵᠤ ᠰᠤᠷᠤᠯᠴᠠᠬᠤ ᠶᠢ ᠵᠣᠷᠢᠭᠵᠢᠭᠤᠯᠵᠤ ᠂ ᠲᠤᠰᠬᠠᠢ ᠪᠠ ᠲᠤᠰᠢᠶᠠᠯ ᠬᠠᠪᠰᠤᠷᠭᠠᠬᠤ ᠶᠢ ᠤᠶᠠᠯᠳᠤᠭᠤᠯᠤᠭᠰᠠᠨ ᠤᠯᠠᠨ ᠡᠰᠢᠲᠦ ᠪᠠᠭᠰᠢ ᠶᠢᠨ ᠡᠩᠨᠡᠭᠡ ᠶᠢ ᠬᠥᠮᠦᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号