| 3 ᠰᠠᠷ᠎ᠠ ᠶᠢᠨ 20 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2025 ᠣᠨ ᠤ ᠪᠥᠬᠦ | ᠬᠤᠰᠢᠭᠤᠨ ᠤ ᠡᠷᠦᠬᠡ ᠶᠢᠨ ᠴᠡᠷᠢᠭ ᠤᠨ ᠠᠵᠢᠯ ᠤᠨ ᠡᠭᠦᠷᠭᠡ ᠶᠢᠨ ᠪᠠᠶᠢᠷᠢᠯᠠᠭᠤᠯᠤᠯᠲᠠ ᠵᠢᠴᠢ ᠲᠤᠬᠠᠶᠢᠯᠠᠭᠰᠠᠨ | ᠠᠵᠢᠯ ᠤᠨ ᠪᠣᠯᠪᠠᠰᠤᠷᠠᠯ ᠤᠨ ᠬᠤᠷᠠᠯ ᠬᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ | ᠬᠤᠷᠠᠩᠳᠠ ᠬᠡᠯᠳᠡᠰ ᠤᠨ ᠳᠠᠷᠤᠭ᠎ᠠ ᠸᠠᠩ ᠴᠤᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠤᠷᠠᠩᠳᠠ ᠤᠯᠤᠰ ᠲᠥᠷᠥ ᠶᠢᠨ ᠭᠡᠰᠢᠭᠦᠨ ᠶᠣᠣ ᠢᠦᠶ ᠰᠧᠨ | ᠬᠤᠷᠠᠯ ᠳᠤ ᠣᠷᠣᠯᠴᠠᠵᠤ᠂ ᠡᠯ᠎ᠡ ᠴᠡᠷᠢᠭ ᠠᠩᠭᠢ ᠶᠢᠨ ᠨᠢᠭᠡᠴᠢ ᠵᠢᠴᠢ ᠦᠨᠳᠦᠰᠦᠨ ᠱᠠᠲᠤᠨ ᠤ ᠵᠡᠪᠰᠡᠭᠲᠦ | ᠬᠦᠴᠦᠨ ᠤ ᠬᠡᠯᠲᠡᠰ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠶᠣᠣ ᠢᠦᠢ ᠰᠧᠨ 2024 ᠣᠨ ᠤ ᠡᠷᠦᠭᠡ ᠶᠢᠨ ᠴᠡᠷᠢᠭ ᠤᠨ ᠠᠵᠢᠯ ᠢ ᠳ᠋ᠦᠩᠨᠡᠵᠦ᠂ ᠡᠯ᠎ᠡ | ᠱᠠᠲᠤᠨ ᠤ ᠡᠷᠦᠭᠡ ᠶᠢᠨ ᠴᠡᠷᠢᠭ ᠤᠨ ᠠᠵᠢᠯ ᠳᠤ ᠭᠠᠷᠭᠠᠭᠰᠠᠨ ᠪᠠ ᠣᠯᠤᠭᠰᠠᠨ ᠠᠮᠵᠢᠯᠲᠠ ᠶᠢ ᠨᠤᠲᠠᠯᠠᠵᠤ᠂ | ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠶᠢ ᠵᠢᠭᠠᠨ ᠭᠠᠷᠭᠠᠵᠤ᠂ ᠠᠵᠢᠯ ᠤᠨ ᠭᠤᠣᠯᠳᠠᠯᠭ᠎ᠠ ᠶᠢ ᠰᠠᠨᠠᠭᠤᠯᠵᠠᠢ᠃ | ᠸᠠᠩ ᠴᠤᠤ 2025 ᠣᠨ ᠤ ᠡᠷᠦᠬᠡ ᠶᠢᠨ ᠴᠡᠷᠢᠭ ᠤᠨ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠤ᠂ | ᠡᠭᠦᠷᠭᠡ ᠶᠢᠨ ᠠᠵᠢᠯ ᠤᠨ ᠬᠤᠪᠢᠶᠠᠷᠢᠯᠠᠯ᠂ ᠪᠠᠷᠢᠮᠵᠢᠶᠠᠲᠤ ᠴᠠᠭ ᠤᠨ ᠬᠢᠵᠠᠭᠠᠷ ᠪᠣᠯᠤᠨ ᠬᠠᠷᠢᠭᠤᠴᠠᠯᠭ᠎ᠠ ᠶᠢᠨ | ᠱᠠᠭᠠᠷᠳᠠᠯᠭ᠎ᠠ ᠶᠢ ᠲᠣᠳᠣᠷᠬᠠᠶᠢᠯᠠᠭᠰᠠᠨ ᠤ ᠬᠠᠮᠲᠤ ᠪᠦᠬᠦ ᠵᠢᠯ ᠤᠨ ᠡᠷᠦᠬᠡ ᠶᠢᠨ ᠴᠡᠷᠢᠭ ᠤᠨ ᠠᠵᠢᠯ ᠢ ᠥᠨᠳᠥᠷ | ᠪᠠᠷᠢᠮᠵᠢᠶ᠎ᠠ ᠪᠠᠷ ᠠᠬᠢᠭᠤᠯᠤᠨ ᠨᠠᠶᠢᠳᠠᠪᠤᠷᠢᠵᠢᠭᠤᠯᠬᠤ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃ | ᠸᠠᠩ ᠮᠧᠩ᠂ ᠣᠳᠣᠬᠠᠨ ᠤ ᠪᠠᠶᠢᠳᠠᠯ ᠢ ᠭᠦᠢᠴᠡᠳ ᠲᠠᠨᠢᠵᠤ᠂ ᠡᠷᠦᠬᠡ ᠶᠢᠨ ᠴᠡᠷᠢᠭ ᠤᠨ ᠠᠵᠢᠯ ᠢ ᠰᠠᠶᠢᠲᠤᠷ | ᠠᠳᠬᠤᠬᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ᠃ | ᠠᠵᠢᠯ ᠢ ᠠᠬᠢᠭᠤᠯᠬᠤ ᠲᠠᠯ᠎ᠠ ᠪᠠᠷ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠡᠷᠦᠬᠡ ᠶᠢᠨ ᠴᠡᠷᠢᠭ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ | ᠳᠠᠯᠳᠠ ᠬᠦᠴᠦᠨ ᠤ ᠪᠠᠶᠢᠴᠠᠭᠠᠯᠲᠠ ᠶᠢ ᠢᠳᠡᠪᠬᠢᠲᠡᠶ ᠪᠥᠭᠡᠳ ᠭᠦᠨᠵᠡᠭᠡᠶ ᠥᠷᠨᠢᠭᠦᠯᠵᠦ᠂ ᠪᠠᠶᠢᠴᠠᠭᠠᠯᠲᠠ ᠶᠢᠨ ᠦᠷ᠎ᠡ | ᠳ᠋ᠦᠩ ᠢ ᠦᠨᠳᠦᠰᠦᠯᠡᠨ ᠪᠣᠯᠪᠠᠰᠤᠷᠠᠯ ᠤᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠶᠢᠨ ᠬᠠᠮᠲᠤ | ᠪᠣᠯᠪᠠᠰᠤᠷᠠᠯ ᠤᠨ ᠪᠠᠲᠤᠯᠠᠭ᠎ᠠ ᠶᠢᠨ ᠠᠵᠢᠯ ᠢ ᠴᠢᠩᠭᠠᠳᠬᠠᠵᠤ᠂ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ | ᠠᠷᠭᠠᠴᠠᠭᠠᠬᠤ ᠭᠡᠨᠡᠳᠲᠡ ᠶᠢᠨ ᠬᠡᠷᠡᠭ ᠰᠢᠢᠳᠪᠤᠷᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ᠃ | ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠲᠠᠯ᠎ᠠ ᠪᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠡᠷᠦᠬᠡ ᠶᠢᠨ ᠴᠡᠷᠢᠭ ᠤᠨ ᠠᠵᠢᠯ ᠤᠨ ᠡᠯ᠎ᠡ ᠵᠦᠢᠯ ᠤᠨ ᠡᠭᠦᠷᠭᠡ ᠶᠢ ᠴᠥᠮ ᠨᠠᠷᠢᠯᠢᠭ | ᠣᠨᠣᠴᠠᠲᠠᠶ ᠪᠠᠷ ᠨᠠᠶᠢᠳᠠᠪᠤᠷᠢᠵᠢᠭᠤᠯᠵᠤ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠲᠣᠰ ᠤᠳᠠᠭᠠᠨ ᠤ | ᠬᠤᠷᠠᠯ ᠢᠶᠠᠷ ᠠᠵᠠ ᠲᠣᠬᠢᠶᠠᠯ ᠪᠣᠯᠭᠠᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ | ᠂ ᠠᠵᠢᠯ ᠤᠨ ᠡᠭᠦᠷᠭᠡ ᠪᠠᠨ ᠲᠣᠳᠣᠷᠬᠠᠶ ᠪᠣᠯᠭᠠᠵᠤ᠂ ᠦᠨᠡᠨ ᠬᠦ ᠠᠳᠬᠤᠵᠤ ᠪᠣᠳᠠᠲᠠᠶ ᠠᠵᠢᠯᠯᠠᠬᠤ ᠰᠤᠷᠲᠠᠯ ᠢ | ᠪᠠᠷᠢᠮᠲᠠᠯᠠᠨ᠂ ᠪᠥᠬᠦ ᠬᠤᠰᠢᠭᠤᠨ ᠤ ᠡᠷᠦᠬᠡ ᠶᠢᠨ ᠴᠡᠷᠢᠭ ᠤᠨ ᠠᠵᠢᠯ ᠤᠨ ᠴᠤ᠋ ᠰᠢᠨ᠎ᠡ ᠪᠠᠶᠢᠳᠠᠯ ᠢ ᠴᠢᠷᠮᠠᠶᠢᠨ | ᠡᠭᠦᠳᠴᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠳᠤ ᠰᠢᠨ᠎ᠡ ᠪᠥᠭᠡᠳ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠤ | ᠴᠢᠬᠤᠯᠠᠴᠢᠯᠠᠪᠠ᠃ |