ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠠᠪᠢᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/3/25
     3 ᠰᠠᠷ᠎ᠠ ᠶᠢᠨ 21 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠠᠪᠢᠨ ᠲᠠᠪᠤᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠯᠢ ᠶᠣᠣ ᠵᠢᠶᠧ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᡁᠢ ᠪᠢᠶᠣᠤ ᠵᠢᠴᠢ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ︽ᠳᠣᠮᠳᠠᠳᠤ ᠤᠯᠣᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠨᠠᠢᠮᠠᠨ ᠲᠣᠭᠲᠠᠭᠠᠯ︾ ᠵᠢᠴᠢ ︽ᠳᠣᠮᠳᠠᠳᠤ ᠤᠯᠣᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠨᠠᠢᠮᠠᠨ ᠲᠣᠭᠲᠠᠭᠠᠯ ᠢ ᠬᠡᠷᠡᠭᠵᠢᠭᠦᠯᠬᠦ ᠨᠠᠷᠢᠨ ᠳᠦᠷᠢᠮ︾ ᠢ ᠤᠯᠠᠮᠵᠢᠯᠠᠨ ᠰᠤᠷᠤᠯᠴᠠᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︽ᠲᠣᠭᠲᠠᠭᠠᠯ ᠠᠴᠠ ᠵᠥᠷᠢᠴᠡᠨ ᠠᠰᠠᠷ ᠲᠠᠭᠲᠤ ᠲᠠᠩᠬᠢᠮ ᠪᠠᠭᠤᠳᠠᠯ ᠪᠠᠶᠢᠭᠤᠯᠬᠤ᠂ ᠬᠡᠭᠡᠨᠴᠢᠷ ᠵᠠᠰᠠᠯ ᠴᠢᠮᠡᠭᠯᠡᠯ ᠤᠨ ᠠᠰᠠᠭᠤᠳᠠᠯ ᠢ ᠵᠠᠯᠠᠷᠠᠭᠤᠯᠬᠤ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠳᠠᠷᠤᠮᠠᠯᠯᠠᠨ ᠲᠠᠷᠬᠠᠭᠠᠪᠠ᠃    ᠬᠤᠷᠠᠯ ᠠᠴᠠ ᠠᠯᠪᠠᠨ ᠪᠠᠶᠢᠭᠤᠯᠭ᠎ᠠ ᠶᠢᠨ ᠬᠤᠭᠤᠯᠠᠨ ᠲᠢᠩᠬᠢᠮ ᠤᠨ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠶᠠᠪᠤᠳᠠᠯ ᠢ ᠰᠤᠳᠤᠯᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠪᠠᠶᠢᠭᠤᠯᠭ᠎ᠠ ᠨᠢᠭᠡᠴᠢ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠣᠭᠲᠠᠮᠠᠯ ᠬᠦᠷᠦᠩᠭᠡ ᠶᠢ ᠬᠢᠨᠠᠯᠳᠠ ᠲᠠᠯᠪᠢᠯᠳᠠ ᠬᠠᠮᠢᠶᠠᠷᠤᠯᠳᠠ ᠶᠢᠨ ᠶᠠᠪᠤᠳᠠᠯ  ᠶᠢ ᠲᠦᠷᠢᠮᠵᠢᠭᠦᠯᠵᠦ᠂ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ ᠪᠠᠷ ᠨᠡᠮᠡᠭᠳᠡᠭᠰᠡᠨ ᠲᠦᠷ ᠵᠣᠭᠤᠰ ᠲᠤᠰᠢᠶᠠᠬᠤ ᠬᠠᠮᠢᠶᠠᠷᠤᠯᠲᠠ ᠶᠢᠨ ᠠᠷᠭ᠎ᠠ︾ ᠶᠢ ᠰᠤᠳᠤᠯᠤᠨ ᠬᠢᠨᠠᠨ ᠵᠥᠪᠯᠡᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ᠂ ᠪᠥᠬᠦ ᠬᠤᠰᠢᠭᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠰᠤᠳᠤᠯᠤᠨ ᠠᠬᠢᠭᠤᠯᠵᠤ᠂ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ 2025 ᠣᠨ ᠤ ᠬᠠᠶ ᠳ᠋ᠢᠶᠠᠨ ᠲᠣᠭᠤᠷᠢᠭ ᠤᠨ ᠲᠠᠰ ᠤᠨ ᠪᠠᠯᠠ ᠮᠥᠩᠭᠦ ᠶᠢᠨ ᠲᠥᠷᠥᠯ ᠵᠦᠢᠯ ᠤᠨ ᠲᠥᠯᠥᠪᠯᠡᠭᠡ︾᠂ ᠠᠮᠢᠳᠤᠷᠠᠯ ᠤᠨ ᠬᠤᠭ ᠨᠣᠪᠰᠢ ᠵᠢᠴᠢ ᠠᠵᠤ ᠦᠢᠯᠡᠳᠪᠤᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠰᠢᠢᠳᠪᠤᠷᠢᠯᠡᠬᠦ ᠲᠥᠷᠥᠯ ᠵᠦᠢᠯ᠂ ᠵᠠᠰᠠᠭ ᠤᠨ ᠶᠠᠪᠤᠳᠠᠯ ᠤᠨ ᠣᠶᠤᠨᠴᠢ ᠦᠢᠯᠡᠴᠢᠯᠡᠭᠡ ᠵᠡᠷᠭᠡ ᠬᠠᠮᠢᠶ᠎ᠠ ᠪᠥᠬᠦᠶ ᠵᠦᠢᠯᠡᠰ ᠢ ᠰᠤᠳᠤᠯᠤᠨ ᠬᠢᠨᠠᠨ ᠵᠥᠪᠯᠡᠪᠡ᠃    ᠬᠤᠷᠠᠯ ᠳᠡᠭᠡᠷ᠎ᠡ᠂ ᠬᠠᠮᠢᠶ᠎ᠠ ᠪᠦᠬᠦᠢ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨ ᠬᠤᠯᠪᠣᠭᠳᠠᠬᠤ ᠬᠤᠷᠠᠯ ᠤᠨ ᠵᠥᠪᠯᠡᠬᠦ ᠵᠦᠢᠯ ᠤᠨ ᠲᠤᠬᠠᠢ ᠥᠪᠡᠷ ᠥᠪᠡᠷ ᠤᠨ ᠰᠠᠨᠠᠯ ᠢᠶᠠᠨ ᠶᠠᠷᠢᠵᠤ ᠰᠠᠨᠠᠯ ᠰᠠᠨᠠᠭᠤᠯᠭ᠎ᠠ ᠳᠤᠷᠠᠳᠪᠠ᠃    ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠦᠷᠦ ᠶᠢᠨ ᠪᠤᠳᠤᠯᠭ᠎ᠠ᠂ ᠪᠡᠯᠡ ᠮᠥᠩᠭᠦ᠂ ᠲᠦᠷᠦᠯ ᠵᠦᠢᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠯᠴᠠᠨ ᠬᠠᠮᠵᠢᠯᠴᠠᠬᠤ ᠠᠵᠢᠯ ᠢᠶᠠᠨ ᠰᠠᠶᠢᠲᠤᠷ ᠬᠢᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢ ᠪᠡᠭᠡᠵᠢᠩ ᠳᠤ ᠣᠷᠣᠭᠤᠯᠬᠤ ᠶᠢ ᠢᠳᠡᠪᠬᠢᠲᠡᠢ ᠠᠬᠢᠭᠤᠯᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠬᠤ ᠬᠡᠷᠡᠭᠲᠡᠢ᠃ ᠤᠯᠤᠰ ᠤᠨ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠦᠷᠢᠰᠦᠯᠳᠡᠬᠦ ᠬᠦᠴᠦᠨ ᠢ ᠳᠡᠭᠡᠭᠰᠢᠯᠡᠬᠦᠯᠬᠦ ᠬᠡᠷᠡᠭᠳᠡᠢ᠃ ᠠᠯᠪᠠᠨ ᠪᠠᠶᠢᠭᠤᠯᠭ᠎ᠠ ᠶᠢᠨ ᠬᠤᠭᠤᠯᠠᠨ ᠲᠢᠩᠬᠢᠮ ᠤᠨ ᠵᠠᠬ᠎ᠠ ᠳᠡᠯᠭᠡᠭᠦᠷᠴᠢᠯᠡᠨ ᠡᠵᠡᠩᠨᠡᠬᠦ ᠶᠢ ᠢᠳᠡᠪᠬᠢᠲᠡᠶ ᠠᠬᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠲᠣᠭᠲᠠᠴᠠ ᠪᠠᠷ ᠳᠠᠮᠵᠢᠭᠤᠯᠤᠨ᠂ ᠬᠤᠭᠤᠯᠠᠨ ᠲᠢᠩᠬᠢᠮ ᠤᠨ ᠦᠢᠯᠡᠴᠢᠯᠡᠭᠡᠨ ᠤ ᠶᠠᠰᠤ ᠴᠢᠨᠠᠷ ᠪᠠ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠤᠷᠢᠳᠠᠴᠢ ᠬᠢᠨᠠᠨ ᠵᠥᠪᠰᠢᠶᠡᠷᠡᠯ ᠤᠨ ᠭᠠᠷ ᠭᠦᠢᠴᠡᠳᠬᠡᠯ ᠢ ᠬᠢᠨᠠᠮᠠᠭᠠᠶ ᠭᠦᠢᠴᠡᠳᠬᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠣᠨᠣᠪᠴᠢᠲᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠤᠬᠠᠭᠤᠯᠭ᠎ᠠ ᠶᠢ ᠴᠢᠩᠭᠠᠳᠬᠠᠵᠤ᠂ ᠰᠣᠶᠣᠯ ᠤᠨ ᠥᠪ ᠢ ᠲᠣᠬᠢᠲᠠᠶ ᠬᠠᠮᠠᠭᠠᠯᠠᠬᠤ ᠪᠠ ᠵᠦᠢ ᠵᠣᠬᠢᠰᠲᠠᠶ ᠠᠰᠢᠭᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶ᠎ᠠ ᠪᠦᠬᠦᠢ ᠲᠤᠷᠰᠢᠯᠭ᠎ᠠ ᠬᠢᠳᠡᠯ ᠢᠶᠠᠷ ᠲᠤᠯᠢ ᠪᠣᠯᠭᠠᠵᠤ᠂ ᠠᠵᠢᠯ ᠤᠨ ᠦᠷ᠎ᠡ ᠪᠦᠲᠦᠮᠵᠢ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠢᠵᠠᠭᠠᠷ ᠲᠠᠢ ᠪᠡᠯᠡ ᠮᠥᠩᠭᠦ ᠶᠢᠨ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠵᠤ᠂ ᠠᠷᠠᠳ ᠤᠯᠠᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠦᠨᠡᠨ ᠬᠦ ᠮᠡᠳᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠪᠠᠶᠢᠳᠠᠯ᠂ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠤᠯᠤᠭᠰᠠᠨ ᠪᠠᠶᠢᠭᠤᠯᠤᠯᠲᠠ ᠵᠡᠷᠭᠡ ᠵᠥᠪᠯᠡᠬᠦ ᠰᠡᠳᠦᠪ ᠤᠨ ᠲᠤᠬᠠᠶ ᠲᠤᠰᠬᠠᠶ ᠰᠡᠳᠦᠪ ᠢᠶᠠᠷ ᠰᠤᠳᠤᠯᠬᠤ ᠶᠢᠨ ᠬᠠᠮᠲᠤ ᠰᠢᠢᠳᠪᠤᠷᠢᠯᠡᠬᠦ ᠲᠥᠰᠦᠯ ᠪᠠ ᠪᠣᠳᠠᠲᠠᠶ ᠱᠠᠭᠠᠷᠳᠠᠯᠭ᠎ᠠ ᠳᠤᠷᠠᠳᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号