ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2025/3/25
      3 ᠰᠠᠷ᠎ᠠ ᠶᠢᠨ 21 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠣᠭᠴᠠᠯᠠᠬᠤ ᠶᠢ ᠠᠬᠢᠭᠤᠯᠬᠤ ᠨᠡᠶᠢᠭᠡᠮᠯᠢᠭ᠂ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠬᠤᠰᠢᠭᠤᠨ ᠤ ᠨᠠᠮ ᠤᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠣᠭᠴᠠᠯᠠᠬᠤ ᠶᠢ ᠠᠬᠢᠭᠤᠯᠬᠤ ᠨᠡᠶᠢᠭᠡᠮᠯᠢᠭ᠂ ᠬᠤᠰᠢᠭᠤᠨ ᠤ ᠨᠠᠮ ᠤᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠤᠨ ᠰᠢᠩ ᠺᠧ ᠨᠡᠶᠢᠭᠡᠮ ᠲᠣᠭᠤᠷᠢᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠠᠴᠠ ᠭᠤᠣᠯᠯᠠᠨ ᠡᠷᠬᠢᠯᠡᠵᠦ᠂ ᠰᠢᠩ ᠺᠧ ᠨᠡᠶᠢᠭᠡᠮ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢ ᠠᠬᠢᠭᠤᠯᠬᠤ ᠨᠡᠶᠢᠭᠡᠮᠯᠢᠭ᠂ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠠᠴᠠ ᠳᠠᠭᠠᠭᠠᠨ ᠡᠷᠬᠢᠯᠡᠭᠰᠡᠨ ︽ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠶᠠᠷᠢᠵᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠰᠢᠩ ᠺᠧ ᠨᠡᠶᠢᠭᠡᠮ ᠲᠣᠭᠤᠷᠢᠭ ᠲᠤ ᠶᠠᠪᠤᠭᠳᠠᠪᠠ᠃    ᠲᠤᠰ ᠠᠵᠢᠯᠯᠠᠭ᠎ᠠ ᠳᠤ ᠳᠤᠮᠳᠠᠳᠤ ᠤᠯᠤᠰ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠬᠥᠭᠵᠢᠯᠲᠡ ᠶᠢᠨ ᠶᠠᠪᠤᠴᠠ ᠵᠢᠴᠢ ᠦᠨᠳᠦᠰᠦᠨ ᠱᠠᠲᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠤᠨ ᠡᠭᠦᠷᠭᠡ ᠶᠢᠨ ᠲᠦᠢᠮᠣ ᠪᠠᠶᠢᠳᠠᠯ ᠢ ᠲᠠᠨᠢᠯᠴᠠᠭᠤᠯᠵᠤ᠂ ᠭᠤᠣᠯᠯᠠᠨ ᠲᠠᠶᠢᠯᠪᠤᠷᠢᠯᠠᠭᠴᠢ ᠠᠯᠢ ᠤᠯᠠᠨ ᠬᠤᠪᠣᠷ ᠨᠠᠨᠳᠢᠨ ᠲᠡᠦᠬᠡ ᠶᠢᠨ ᠭᠡᠷᠡᠯ ᠵᠢᠷᠤᠭ ᠪᠣᠯᠤᠨ ᠨᠠᠷᠢᠨ ᠪᠣᠳᠠᠲᠠᠢ ᠲᠤᠭ᠎ᠠ ᠪᠠᠷᠢᠮᠲᠠ ᠪᠠᠷ ᠳᠠᠮᠵᠢᠭᠤᠯᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠪᠠᠶᠢᠭᠤᠯᠤᠭᠳᠠᠭᠰᠠᠨ ᠠᠴᠠ ᠨᠠᠰᠢ᠂ ᠠᠳᠠᠯᠢ ᠪᠤᠰᠤ ᠲᠡᠦᠬᠡᠨ ᠴᠠᠭ ᠦᠶ᠎ᠡ ᠳᠤ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠳᠤ ᠦᠵᠡᠭᠦᠯᠦᠭᠰᠡᠨ ᠴᠥᠬᠦᠷᠡᠰᠢ ᠦᠭᠡᠢ ᠴᠢᠷᠮᠠᠶᠢᠯᠭ᠎ᠠ ᠶᠢ ᠠᠮᠢᠳᠤᠯᠢᠭ ᠢᠶᠠᠷ ᠳᠡᠯᠭᠡᠨ ᠦᠵᠡᠭᠦᠯᠵᠡᠢ᠃ ᠰᠤᠷᠤᠯᠭ᠎ᠠ ᠠᠯᠳᠠᠭᠰᠠᠨ ᠬᠡᠤᠬᠡᠳ ᠤᠨ ᠰᠤᠷᠭᠠᠭᠤᠯᠢ ᠶᠢᠨ ᠬᠦᠷᠢᠶᠡᠨ ᠳᠤ ᠲᠠᠬᠢᠨ ᠪᠤᠴᠠᠬᠤ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠬᠥᠮᠦᠵᠢᠭᠦᠯᠬᠦ ᠵᠡᠷᠭᠡ ᠣᠯᠠᠨ ᠡᠰᠢᠲᠦ ᠬᠦᠷᠢᠶ᠎ᠡ ᠴᠠᠷᠠᠭ᠎ᠠ ᠶᠢ ᠠᠩᠬᠠᠷᠬᠤ ᠪᠣᠯᠲᠠᠯ᠎ᠠ᠂ ᠲᠡᠳᠡᠨ ᠤ ᠬᠥᠭᠵᠢᠯᠲᠡ ᠶᠢᠨ ᠶᠠᠪᠤᠴᠠ ᠳᠤ ᠴᠠᠭ ᠦᠶ᠎ᠡ ᠶᠢᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠬᠦ ᠪᠠ ᠢᠳᠡᠪᠬᠢᠲᠡᠶ ᠬᠠᠷᠢᠭᠤ ᠲᠤᠰᠬᠠᠯ  ᠭᠠᠷᠭᠠᠭᠰᠠᠨ ᠪᠠᠶᠢᠨ᠎ᠠ᠃ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠭᠤᠭᠴᠤᠭ᠎ᠠ ᠳᠤ᠂ ᠭᠤᠤᠯᠯᠠᠨ ᠲᠠᠶᠢᠯᠪᠤᠷᠢᠯᠠᠭᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠠᠮ ᠤᠨ ᠦᠨᠳᠦᠰᠦᠲᠡᠨ ᠨᠦᠭᠦᠳ ᠡᠷᠬᠡ ᠲᠡᠭᠰᠢ᠂ ᠦᠨᠳᠦᠰᠦᠲᠡᠨ ᠨᠦᠭᠦᠳ ᠪᠦᠯᠬᠦᠮᠳᠡᠯ ᠲᠠᠢ ᠪᠠᠶᠢᠬᠤ ᠪᠠ ᠦᠨᠳᠦᠰᠦᠲᠡᠨ ᠨᠦᠭᠦᠳ ᠬᠠᠮᠲᠤ ᠪᠠᠷ ᠴᠡᠴᠡᠭᠯᠡᠨ ᠬᠥᠭᠵᠢᠬᠦ ᠦᠨᠳᠦᠰᠦᠨ ᠵᠠᠷᠴᠢᠮ ᠢ ᠭᠦᠨᠵᠡᠭᠡᠶ ᠲᠠᠶᠢᠯᠪᠤᠷᠢᠯᠠᠭᠰᠠᠨ ᠪᠠᠶᠢᠨ᠎ᠠ᠃    ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢᠨ ᠠᠭᠤᠯᠭ᠎ᠠ ᠨᠢ ᠪᠠᠶᠠᠯᠢᠭ᠂ ᠬᠡᠯᠪᠡᠷᠢ ᠨᠢ ᠤᠯᠠᠨ ᠶᠠᠩᠵᠤ ᠶᠢᠨ ᠪᠠᠶᠢᠵᠤ᠂ ᠲᠤᠬᠠᠢ ᠶᠢᠨ ᠲᠠᠯᠠᠪᠠᠢ ᠶᠢᠨ ᠰᠤᠨᠤᠰᠤᠭᠴᠢᠳ ᠲᠤ ᠶᠡᠭᠡ ᠠᠰᠢᠭ ᠬᠦᠷᠲᠡᠭᠡᠭᠰᠡᠨ ᠪᠠᠶᠢᠨ᠎ᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠩ ᠺᠧ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠢᠦᠢ᠄ ︽ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠨᠢ ᠵᠠᠯᠠᠭᠤᠴᠤᠳ ᠪᠠᠭᠠᠴᠤᠳ ᠤᠨ ᠰᠤᠷᠭᠠᠨ ᠬᠥᠮᠦᠵᠢᠯ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠵᠤ᠂ ᠤᠯᠠᠨ ᠳᠤ ᠦᠨᠳᠦᠰᠦᠲᠡᠨ ᠤ ᠪᠦᠯᠬᠦᠮᠳᠡᠯ ᠤᠨ ᠬᠦᠴᠦᠨ ᠢ ᠭᠦᠨᠵᠡᠭᠡᠢ ᠣᠶᠢᠯᠠᠭᠠᠭᠤᠯᠵᠤ᠂ ᠦᠨᠳᠦᠰᠦᠲᠡᠨ ᠤ ᠪᠦᠯᠬᠦᠮᠳᠡᠯ᠂ ᠤᠯᠤᠰ ᠢᠶᠠᠨ ᠬᠠᠶᠢᠷᠠᠯᠠᠬᠤ ᠨᠠᠮ ᠢᠶᠠᠨ ᠬᠠᠶᠢᠷᠠᠯᠠᠬᠤ ᠦᠷ᠎ᠡ ᠶᠢ ᠵᠠᠯᠠᠭᠤᠴᠤᠳ ᠪᠠᠭᠠᠴᠤᠳ ᠤᠨ ᠰᠡᠳᠬᠢᠯ ᠤᠨ ᠬᠦᠨ ᠳᠤ ᠦᠨᠳᠦᠰᠦᠯᠡᠭᠦᠯᠦᠨ ᠰᠣᠶᠣᠭᠠᠯᠠᠭᠤᠯᠵᠤ᠂ ᠪᠦᠯᠬᠦᠮᠳᠡᠯ ᠲᠠᠢ ᠡᠶ᠎ᠡ ᠵᠣᠬᠢᠴᠠᠩᠭᠤᠢ ᠭᠡᠷ ᠣᠷᠣᠨ ᠢ ᠪᠦᠳᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ︾ ᠭᠡᠵᠦ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号