| 3 ᠰᠠᠷ᠎ᠠ ᠶᠢᠨ 24 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ ᠠᠴᠠ ᠥᠩᠭᠡᠷᠡᠭᠰᠡᠨ ᠨᠢᠭᠡ | ᠵᠢᠯ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ ᠤᠨ ᠡᠯ᠎ᠡ ᠵᠦᠢᠯ ᠤᠨ ᠠᠵᠢᠯ ᠤᠨ ᠠᠮᠵᠢᠯᠲᠠ ᠶᠢ ᠳ᠋ᠦᠩᠨᠡᠭᠰᠡᠨ ᠪᠥᠭᠡᠳ ᠲᠠᠷᠠᠭᠠᠴᠢ ᠶᠢᠨ ᠠᠯᠬᠤᠮ ᠤᠨ | ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠵᠡᠶ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠬᠤᠰᠢᠭᠤᠨ ᠤ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠤᠨ ᠵᠢᠯᠣᠭᠤᠳᠬᠤ ᠭᠠᠵᠠᠷ ᠤᠨ ᠳᠠᠷᠤᠭ᠎ᠠ ᠨᠢᠦ ᠶᠤᠸᠠᠨ ᠬᠤᠷᠠᠯ ᠳᠤ ᠣᠷᠣᠯᠴᠠᠨ | ᠶᠠᠷᠢᠶ᠎ᠠ ᠲᠠᠯᠪᠢᠵᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃ | ᠬᠤᠷᠠᠯ ᠠᠴᠠ 2024 ᠣᠨ ᠤ ᠪᠥᠬᠦ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ︽2025 ᠣᠨ ᠤ ᠪᠥᠬᠦ ᠠᠶᠢᠮᠠᠭ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠭᠤᠤᠯᠳᠠᠯᠭ᠎ᠠ ᠲᠠᠢ ᠡᠭᠦᠷᠭᠡ ᠶᠢᠨ ᠠᠵᠢᠯ ᠤᠨ | ᠲᠥᠰᠦᠯ︾ ᠳᠤ ᠲᠠᠶᠢᠯᠤᠮᠵᠢ ᠬᠢᠪᠠ᠃ | ᠬᠤᠷᠠᠯ ᠠᠴᠠ᠂ ᠡᠨᠡ ᠵᠢᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ | ᠭᠤᠣᠯᠳᠠᠯᠭ᠎ᠠ ᠲᠠᠢ ᠡᠭᠦᠷᠭᠡ ᠪᠣᠯ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ᠢᠯᠭᠠᠷᠠᠭᠤᠯᠬᠤ᠂ | ᠬᠤᠳᠠᠯᠳᠤᠭᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ᠂ | ᠣᠷᠣᠨ ᠪᠦᠰᠡ ᠠᠯᠤᠰᠯᠠᠭᠰᠠᠨ ᠢᠲᠡᠭᠡᠮᠵᠢ ᠶᠢᠨ ᠬᠠᠮᠲᠤᠷᠠᠯᠴᠠᠭ᠎ᠠ᠂ ᠢᠲᠡᠭᠡᠮᠵᠢ ᠶᠢᠨ ᠰᠡᠷᠭᠦᠭᠡᠯᠲᠡ ᠶᠢᠨ ᠶᠠᠰᠤ ᠴᠢᠨᠠᠷ | ᠦᠷ᠎ᠡ ᠠᠰᠢᠭ ᠢ ᠳᠡᠭᠡᠭᠰᠢᠯᠡᠭᠦᠯᠬᠦ ᠵᠢᠴᠢ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠵᠡᠷᠭᠡ | ᠪᠣᠯᠤᠨ᠎ᠠ᠃ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠬᠢᠨ ᠵᠠᠰᠠᠭ ᠤᠨ ᠣᠷᠳᠣᠨ᠂ ᠬᠠᠤᠯᠢ ᠴᠠᠭᠠᠵᠠ ᠵᠡᠷᠭᠡ | ᠦᠢᠯᠡ ᠠᠵᠢᠯᠯᠠᠭ᠎ᠠ ᠶᠢᠨ ᠢᠯᠡ ᠲᠣᠳᠣ ᠶᠢᠨ ᠬᠡᠮᠵᠢᠶ᠎ᠡ ᠶᠢ ᠴᠢᠩᠭᠠᠳᠬᠠᠵᠤ᠂ ᠬᠠᠷᠠᠯᠲᠠ ᠪᠠᠨ ᠲᠣᠳᠣᠷᠬᠠᠶᠢᠯᠠᠨ᠂ | ᠡᠭᠦᠷᠭᠡ ᠪᠠᠨ ᠨᠠᠷᠢᠯᠢᠬᠵᠢᠭᠤᠯᠵᠤ᠂ ᠦᠨᠡᠨ ᠠᠴᠠ ᠵᠥᠪ ᠢ ᠡᠷᠢᠵᠦ᠂ ᠳᠥᠷᠪᠡᠨ ᠬᠦᠷᠢᠶᠡᠨ ᠳᠠᠬᠢ 29 ᠵᠦᠢᠯ ᠤᠨ | ᠡᠭᠦᠷᠭᠡ ᠪᠠ 5 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ | ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ᠃ ᠣᠳᠣᠬᠢ ᠪᠠᠶᠢᠳᠠᠯ ᠢ ᠵᠥᠪ ᠢᠶᠠᠷ ᠲᠠᠨᠢᠵᠤ᠂ ᠪᠣᠳᠠᠲᠠᠢ ᠶᠢ | ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠵᠦ᠂ ᠠᠵᠤ | ᠠᠬᠤᠶᠢᠯᠠᠯ ᠯᠤᠭ᠎ᠠ ᠦᠨᠡᠨᠴᠢ ᠪᠥᠭᠡᠳ ᠨᠢᠭᠲᠠ ᠬᠠᠷᠢᠯᠴᠠᠭ᠎ᠠ ᠲᠠᠢ ᠪᠠᠶᠢᠵᠤ᠂ ᠠᠵᠤ ᠠᠬᠤᠶᠢᠯᠠᠯ ᠢ ᠳᠡᠮᠵᠢᠬᠦ | ᠲᠦᠷᠦ ᠶᠢᠨ ᠪᠤᠳᠤᠯᠭ᠎ᠠ ᠶᠢᠨ ᠨᠠᠷᠢᠨ ᠲᠠᠩᠰᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠪᠠᠶᠢᠴᠠᠭᠠᠯᠲᠠ ᠶᠢᠨ | ᠤᠳᠠᠭ᠎ᠠ ᠶᠢ ᠵᠣᠬᠢᠰᠲᠠᠢ ᠴᠣᠮᠬᠠᠳᠬᠠᠵᠤ᠂ ᠠᠵᠤ ᠠᠬᠤᠶᠢᠯᠠᠯ ᠤᠨ ᠯᠠᠪᠳᠠᠭᠤᠨ ᠲᠣᠭᠲᠠᠭᠤᠨ ᠢᠶᠠᠷ ᠬᠥᠭᠵᠢᠬᠦ ᠳᠤ | ᠬᠦᠴᠤᠨ ᠨᠡᠮᠡᠷᠢᠯᠡᠬᠦ ᠬᠡᠷᠡᠭᠲᠡᠢ᠃ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠢᠲᠡᠭᠡᠯ ᠠᠯᠳᠠᠭᠰᠠᠨ | ᠬᠥᠮᠦᠰ ᠤᠨ ᠨᠡᠷᠡᠰ ᠢ ᠬᠠᠤᠯᠢ ᠲᠣᠭᠲᠠᠭᠠᠯ ᠶᠣᠰᠣᠭᠠᠷ ᠨᠡᠶᠢᠲᠡᠯᠡᠵᠦ᠂ ᠢᠲᠡᠭᠡᠮᠵᠢ ᠶᠢᠨ ᠬᠦᠴᠦᠲᠡᠶ ᠬᠢᠵᠠᠭᠠᠷᠯᠠᠯ ᠪᠠ | ᠨᠡᠶᠢᠭᠡᠮ ᠤᠨ ᠬᠢᠨᠠᠯᠲᠠ ᠶᠢ ᠪᠣᠶ ᠪᠣᠯᠭᠠᠬᠤ ᠬᠡᠷᠡᠭᠲᠡᠶ᠃ ᠦᠢᠯᠡᠴᠢᠯᠡᠭᠡᠨ ᠤ ᠤᠬᠠᠮᠰᠠᠷ ᠪᠣᠯᠤᠨ ᠬᠠᠷᠢᠭᠤᠴᠠᠯᠭ᠎ᠠ | ᠡᠭᠦᠷᠭᠡᠯᠡᠯ ᠢᠶᠠᠨ ᠴᠢᠩᠭᠠᠳᠬᠠᠵᠤ᠂ ︽ᠡᠷᠲᠡ ᠠᠴᠠ ᠨᠢ ᠴᠢᠩᠭᠠᠳᠬᠠᠬᠤ᠂ ᠪᠠᠭ᠎ᠠ ᠠᠴᠠ ᠨᠢ ᠴᠢᠩᠭᠠᠳᠬᠠᠬᠤ︾ | ᠤᠢᠢᠯᠠᠭᠠᠭᠳᠠᠬᠤᠨ ᠢ ᠪᠠᠷᠢᠮᠲᠠᠯᠠᠵᠤ᠂ ᠠᠰᠠᠭᠤᠳᠠᠯ ᠢ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠬᠦ ᠬᠡᠷᠡᠭᠲᠡᠢ᠃ | ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠬᠠᠤᠯᠢ ᠬᠡᠷᠡᠭᠵᠢᠭᠦᠯᠬᠦ | ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠵᠤ᠂ ᠱᠠᠩᠨᠠᠵᠤ | ᠲᠣᠷᠭᠠᠬᠤ ᠲᠣᠭᠲᠠᠴᠠ ᠶᠢ ᠪᠦᠷᠢᠨᠰᠢᠬᠦᠯᠤᠨ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠤᠳᠤᠷᠢᠳᠤᠮᠵᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ | ᠪᠠᠲᠤᠯᠠᠭ᠎ᠠ ᠶᠢ ᠪᠠᠲᠤᠳᠬᠠᠵᠤ᠂ ᠦᠨᠡᠨᠴᠢ ᠢᠲᠡᠭᠡᠮᠵᠢᠲᠡᠢ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ | ᠪᠣᠯᠭᠠᠬᠤ ᠬᠡᠷᠡᠭᠲᠡᠢ᠃ ᠬᠤᠰᠢᠭᠤᠨ ᠤ ᠦᠨᠡᠨᠴᠢ ᠢᠲᠡᠭᠡᠮᠵᠢ ᠶᠢᠨ ᠠᠯᠪᠠᠨ ᠬᠡᠷ ᠨᠢ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠡᠯ᠎ᠡ ᠰᠠᠯᠠᠭ᠎ᠠ ᠮᠥᠴᠢᠷ ᠤᠨ ᠬᠠᠮᠵᠢᠯᠴᠠᠨ | ᠬᠦᠴᠦᠯᠡᠬᠦ ᠶᠢ ᠠᠬᠢᠭᠤᠯᠤᠨ᠂ ᠵᠠᠰᠠᠭ ᠤᠨ ᠣᠷᠳᠣᠨ ᠬᠢᠭᠡᠳ ᠬᠠᠤᠯᠢ ᠪᠠᠷᠢᠬᠤ ᠪᠠᠶᠢᠭᠤᠯᠭ᠎ᠠ ᠶᠢᠨ ᠰᠠᠶᠢᠨ ᠰᠠᠶᠢᠬᠠᠨ | ᠳᠦᠷᠢ ᠲᠥᠷᠬᠦ ᠶᠢ ᠪᠣᠶ ᠪᠣᠯᠭᠠᠵᠤ᠂ ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠬᠤ ᠶᠢ ᠬᠥᠲᠥᠯᠦᠨ | ᠵᠢᠯᠣᠭᠤᠳᠴᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠦᠬᠦᠯᠢ ᠴᠣᠭᠴᠠ ᠶᠢᠨ ᠳᠦᠷᠢ ᠲᠥᠷᠬᠦ ᠪᠠ | ᠠᠵᠢᠯ ᠤᠨ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠤᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ |