| 3 ᠰᠠᠷ᠎ᠠ ᠶᠢᠨ 20 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠣᠬᠢᠶᠠᠯᠴᠢᠳ ᠤᠨ | ᠡᠪᠯᠡᠯ ᠤᠨ ᠤᠮᠠᠷᠠᠲᠤ ᠬᠢᠯᠢ ᠶᠢᠨ ᠪᠠᠭᠠᠴᠤᠳ ᠤᠨ ᠤᠳᠬ᠎ᠠ ᠵᠣᠬᠢᠶᠠᠯ ᠤᠨ ᠵᠥᠪᠯᠡᠯ ᠪᠠᠶᠢᠭᠤᠯᠤᠭᠳᠠᠵᠤ᠂ ᠬᠢᠩᠭᠠᠨ | ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠲᠡᠷᠢᠭᠦᠯᠡᠭᠴᠢ ᠸᠠᠩ ᠹᠧᠩ ᠬᠤᠸᠠ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ | ᠶᠤᠸᠠᠢ ᠰᠥᠩ ᠱᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠮᠠ ᠨᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ | ᠣᠷᠣᠯᠴᠠᠵᠠᠶ᠃ | ᠬᠤᠷᠠᠯ ᠠᠴᠠ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠣᠬᠢᠶᠠᠯᠴᠢᠳ ᠤᠨ ᠡᠪᠯᠡᠯ ᠤᠨ | ᠤᠮᠠᠷᠠᠲᠤ ᠬᠢᠯᠢ ᠶᠢᠨ ᠪᠠᠭᠠᠴᠤᠳ ᠤᠨ ᠤᠳᠬ᠎ᠠ ᠵᠣᠬᠢᠶᠠᠯ ᠤᠨ ᠵᠥᠪᠯᠡᠯ ᠤᠨ ᠬᠡᠷᠡᠭᠵᠢᠭᠦᠯᠬᠦ ᠲᠥᠰᠦᠯ︾ ᠢ ᠤᠩᠰᠢᠨ | ᠨᠡᠶᠢᠲᠡᠯᠡᠭᠰᠡᠨ ᠪᠥᠭᠡᠳ ᠤᠮᠠᠷᠠᠲᠤ ᠬᠢᠯᠢ ᠶᠢᠨ ᠪᠠᠭᠠᠴᠤᠳ ᠤᠨ ᠤᠳᠬ᠎ᠠ ᠵᠣᠬᠢᠶᠠᠯ ᠤᠨ ᠵᠥᠪᠯᠡᠯ ᠤᠨ ᠫᠠᠶᠢᠰᠠ ᠶᠢ | ᠰᠡᠬᠦᠵᠦ᠂ ᠵᠥᠪᠯᠡᠭᠴᠢ ᠳᠤ ᠤᠷᠢᠯᠭ᠎ᠠ ᠶᠢᠨ ᠪᠢᠴᠢᠭ᠂ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠥᠯᠥᠭᠡᠯᠡᠭᠴᠢ ᠵᠢᠴᠢ | ᠰᠤᠷᠭᠠᠭᠤᠯᠢ ᠶᠢᠨ ᠬᠤᠪᠢᠶᠠᠷᠢ ᠬᠤᠷᠢᠶ᠎ᠠ ᠶᠢᠨ ᠳᠠᠷᠤᠭ᠎ᠠ᠂ ᠰᠤᠷᠤᠭᠴᠢᠳ ᠤᠨ ᠲᠥᠯᠥᠭᠡᠯᠡᠭᠴᠢ ᠶᠠᠷᠢᠶ᠎ᠠ ᠲᠠᠯᠪᠢᠵᠠᠢ᠃ | ︽ᠪᠠᠭᠠᠴᠤᠳ ᠤᠨ ᠤᠳᠬ᠎ᠠ ᠵᠣᠬᠢᠶᠠᠯ ᠤᠨ ᠵᠥᠪᠯᠡᠯ ᠤᠨ ᠪᠠᠶᠢᠭᠤᠯᠤᠭᠳᠠᠭᠰᠠᠨ ᠨᠢ ᠪᠢᠳᠡᠨ ᠳᠤ ᠵᠣᠬᠢᠶᠠᠨ ᠪᠢᠴᠢᠬᠦ | ᠤᠷ᠎ᠠ ᠳᠡᠮ ᠢ ᠰᠤᠷᠴᠤ᠂ ᠤᠳᠬ᠎ᠠ ᠵᠣᠬᠢᠶᠠᠯ ᠤᠨ ᠷᠢᠳᠢ ᠰᠢᠳᠢ ᠶᠢ ᠮᠡᠳᠡᠷᠡᠭᠦᠯᠬᠦ ᠲᠣᠬᠢᠶᠠᠯ ᠣᠯᠭᠤᠪᠠ᠂ ᠪᠢ ᠡᠨᠡᠬᠦ | ᠲᠠᠪᠴᠠᠩ ᠢ ᠨᠠᠨᠳᠢᠩᠨᠠᠵᠤ᠂ ᠵᠣᠬᠢᠶᠠᠨ ᠪᠢᠴᠢᠬᠦ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ᠂ ᠨᠡᠩ ᠤᠯᠠᠨ ᠰᠠᠶᠢᠨ | ᠵᠣᠬᠢᠶᠠᠯ ᠪᠢᠴᠢᠨ᠎ᠠ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠶᠠᠳᠤᠭᠠᠷ ᠪᠠᠭ᠎ᠠ | ᠰᠤᠷᠭᠠᠭᠤᠯᠢ ᠶᠢᠨ ᠰᠤᠷᠤᠭᠴᠢ ᠴᠢᠦ ᠲᠢᠶᠠᠨ ᠬᠡᠯᠡᠪᠡ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠮᠠᠷᠠᠲᠤ ᠬᠢᠯᠢ ᠶᠢᠨ ᠪᠠᠭᠠᠴᠤᠳ ᠤᠨ ᠤᠳᠬ᠎ᠠ | ᠵᠣᠬᠢᠶᠠᠯ ᠤᠨ ᠵᠥᠪᠯᠡᠯ ᠤᠨ ᠪᠠᠶᠢᠭᠤᠯᠤᠭᠳᠠᠭᠰᠠᠨ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ | ᠰᠢᠨ᠎ᠡ ᠶᠢ ᠡᠭᠦᠳᠬᠦ ᠴᠢᠨᠠᠷᠲᠠᠶ ᠬᠥᠭᠵᠢᠯᠲᠡ ᠶᠢ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠢ ᠳᠡᠭᠡᠭᠰᠢᠯᠡᠭᠦᠯᠬᠦ | ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠵᠠᠯᠠᠭᠤᠴᠤᠳ ᠪᠠᠭᠠᠴᠤᠳ ᠤᠨ ᠥᠷᠲᠡᠭ ᠤᠨ ᠦᠵᠡᠯᠲᠡ ᠶᠢ ᠪᠣᠶ ᠪᠣᠯᠭᠠᠬᠤ | ᠠᠮᠢᠳᠤᠯᠢᠭ ᠦᠢᠯᠡᠳᠦᠯᠭᠡ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠤᠭᠴᠠᠯᠠᠵᠤ᠂ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠠᠬᠢᠭᠤᠯᠤᠭᠰᠠᠨ ᠰᠢᠨ᠎ᠡ ᠶᠢ | ᠡᠭᠦᠳᠦᠭᠰᠡᠨ ᠬᠡᠷᠡᠭ ᠤᠨ ᠵᠢᠱᠢᠶ᠎ᠡ ᠮᠥᠨ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠮᠠᠷᠠᠲᠤ | ᠬᠢᠯᠢ ᠶᠢᠨ ᠪᠠᠭᠠᠴᠤᠳ ᠤᠨ ᠤᠳᠬ᠎ᠠ ᠵᠣᠬᠢᠶᠠᠯ ᠤᠨ ᠵᠥᠪᠯᠡᠯ ᠤᠨ ᠬᠢᠨ ᠤᠯᠠᠨ ᠡᠰᠢᠲᠦ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠤᠯᠤᠰ ᠭᠡᠷ ᠤᠨ ᠬᠠᠶᠢᠷ᠎ᠠ ᠰᠡᠳᠬᠢᠯᠭᠡ ᠪᠠ ᠰᠣᠶᠣᠯ ᠤᠨ ᠢᠲᠡᠭᠡᠯ ᠢ ᠪᠦᠷᠢᠳᠦᠭᠦᠯᠦᠭᠰᠡᠨ ᠤᠳᠬ᠎ᠠ | ᠵᠣᠬᠢᠶᠠᠯ ᠤᠨ ᠰᠢᠨ᠎ᠡ ᠬᠦᠴᠦᠨ ᠢ ᠪᠤᠶᠢᠵᠢᠭᠤᠯᠵᠤ᠂ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ | ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ | ᠪᠠᠶᠢᠭᠤᠯᠤᠯᠲᠠ ᠳᠤ ᠬᠦᠴᠦᠨ ᠨᠡᠮᠡᠷᠢᠯᠡᠬᠦ ᠪᠤᠯᠤᠨ᠎ᠠ᠃ |