| ᠬᠡᠷᠡᠭᠯᠡᠭᠡ ᠪᠣᠯ ᠠᠵᠤ ᠠᠬᠤᠶ ᠶᠢᠨ ᠨᠡᠮᠡᠭᠳᠡᠯ ᠤᠨ ︽ᠲᠣᠭᠲᠠᠪᠤᠷᠢᠵᠢᠭᠤᠯᠤᠭᠴᠢ︾ ᠪᠠ ︽ᠰᠠᠭᠤᠷᠢ ᠴᠢᠯᠠᠭᠤ︾ | ᠮᠦᠨ᠃ ᠨᠢᠳᠤᠨᠤᠨ ᠵᠢᠯ ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ᠠᠴᠠ | ᠪᠦᠬᠦ ᠲᠠᠯ᠎ᠠ ᠶᠢ ᠲᠥᠯᠥᠪᠵᠢᠭᠦᠯᠬᠦ᠂ ᠭᠤᠣᠯᠳᠠᠯᠭ᠎ᠠ ᠶᠢ ᠠᠳᠬᠤᠬᠤ᠂ ᠤᠨᠴᠠᠯᠢᠭ ᠢ ᠡᠬᠦᠳᠬᠦ ᠶᠢ ᠪᠠᠷᠢᠮᠳᠠᠯᠠᠵᠦ᠂ ᠠᠯᠢ | ᠤᠯᠠᠨ ᠬᠡᠷᠡᠭᠯᠡᠭᠡᠨ ᠤ ᠲᠦᠷᠦ ᠶᠢᠨ ᠪᠤᠳᠤᠯᠭ᠎ᠠ ᠶᠢ ᠪᠤᠳᠠᠳᠠᠢ ᠨᠠᠶᠢᠳᠠᠪᠤᠷᠢᠵᠢᠭᠤᠯᠤᠭᠰᠠᠨ ᠠᠴᠠ ᠬᠡᠷᠡᠭᠯᠡᠭᠡᠨ ᠤ ᠵᠠᠬ᠎ᠠ | ᠲᠡᠯᠭᠡᠬᠦᠷ ᠶᠡᠷᠦᠩᠭᠡᠢ ᠳᠡᠭᠡᠨ ᠲᠤᠭᠳᠠᠭᠤᠨ ᠢᠶᠠᠷ ᠨᠡᠮᠡᠭᠳᠡᠬᠦ ᠬᠠᠨᠳᠤᠰᠢ ᠢᠯᠡᠷᠡᠵᠦ᠂ ᠬᠡᠷᠡᠭᠯᠡᠭᠡᠨ ᠤ ᠤᠷᠴᠢᠨ | ᠲᠤᠭᠤᠷᠢᠨ ᠢ ᠲᠠᠰᠤᠷᠠᠯᠳᠠ ᠦᠭᠡᠢ ᠰᠢᠯᠢᠳᠡᠭᠵᠢᠬᠦᠯᠵᠦ᠂ ᠬᠡᠷᠡᠭᠯᠡᠭᠡᠨ ᠤ ᠵᠠᠬ᠎ᠠ ᠲᠡᠯᠭᠡᠬᠦᠷ ᠠᠮᠢᠵᠢᠷᠠᠯ ᠤᠨ | ᠬᠦᠴᠦᠨ ᠢᠶᠠᠷ ᠪᠢᠯᠬᠠᠪᠠ᠃ | 106 ᠵᠦᠢᠯ ᠤᠨ ᠰᠢᠨ᠎ᠡ ᠶᠢ ᠡᠭᠦᠳᠬᠦ ᠲᠦᠷᠢᠮ ᠢ ᠲᠡᠯᠭᠡᠷᠡᠬᠦᠯᠪᠡ | ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠣᠭᠤᠮᠲᠠ ᠶᠢᠨ ᠲᠤᠪᠴᠢᠶ᠎ᠠ ᠠᠴᠠ ᠲᠦᠷᠦᠬᠦᠯᠡᠨ ︽ | 2024 ᠤᠨ ᠤ ᠬᠢᠩᠭᠠᠨ ᠠᠶᠢᠮᠠᠭ ᠤᠨ ᠤᠯᠤᠰ ᠤᠨ ᠤᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠡᠯᠳᠡ ᠶᠢᠨ | ᠪᠠᠶᠢᠭᠤᠯᠤᠯᠳᠠ ᠶᠢ ᠲᠦᠯᠬᠢᠨ ᠠᠬᠢᠭᠤᠯᠬᠤ ᠬᠡᠷᠡᠭᠵᠢᠬᠦᠯᠬᠦ ᠲᠦᠰᠦᠯ︾ ᠵᠢᠴᠢ ᠭᠤᠤᠯᠳᠠᠯᠭ᠎ᠠ ᠲᠠᠢ ᠲᠦᠷᠦᠯ ᠵᠦᠢᠯ᠂ | ᠭᠤᠤᠯᠳᠠᠯᠭ᠎ᠠ ᠲᠠᠢ ᠡᠬᠦᠷᠭᠡ ᠶᠢᠨ ᠨᠠᠷᠢᠨ ᠲᠠᠩᠰᠠ ᠳᠤ ᠵᠠᠰᠠᠪᠤᠷᠢ ᠤᠷᠤᠭᠤᠯᠵᠦ᠂ ᠠᠶᠢᠮᠠᠭ ᠤᠨ ᠱᠠᠲᠤᠨ ᠠᠴᠠ | ᠲᠤᠬᠢᠷᠠᠭᠤᠯᠤᠯᠳᠠ ᠬᠢᠭᠰᠡᠨ ᠭᠤᠤᠯᠳᠠᠯᠭ᠎ᠠ ᠲᠠᠢ ᠡᠬᠦᠷᠭᠡ ᠶᠢᠨ 8 ᠲᠠᠯ᠎ᠠ ᠶᠢᠨ 38 ᠵᠦᠢᠯ ᠢ ᠡᠮᠬᠢᠯᠡᠨ ᠲᠢᠭᠯᠡᠵᠦ᠂ | ᠤᠳᠤ ᠨᠢᠭᠡᠨᠳᠡ ᠪᠦᠬᠦᠨ ᠢ ᠪᠡᠶᠡᠯᠡᠬᠦᠯᠪᠡ᠃ ︽ᠥᠪᠥᠷ ᠮᠣᠩᠭᠤᠯ ᠤᠨ ᠴᠢᠯᠥᠭᠡᠲᠦ ᠠᠷᠠᠯᠵᠢᠶᠠᠨ ᠤ ᠣᠷᠣᠨ ᠤ | ᠬᠢᠩᠭᠠᠨ ᠠᠶᠢᠮᠠᠭ ᠤᠨ ᠬᠠᠮᠵᠢᠯᠴᠠᠨ ᠨᠡᠭᠡᠭᠡᠯᠳᠡ ᠬᠢᠬᠦ᠂ ᠬᠤᠯᠪᠤᠭᠠᠯᠠᠨ ᠬᠦᠭᠵᠢᠬᠦ ᠠᠵᠢᠯᠯᠠᠭ᠎ᠠ ᠶᠢᠨ ᠲᠦᠰᠦᠯ︾ ᠢ | ᠲᠦᠷᠦᠬᠦᠯᠡᠨ ᠲᠤᠭᠳᠠᠭᠠᠵᠦ᠂ ᠤᠯᠤᠰ ᠤᠨ ᠲᠡᠰ ᠤᠨ ᠴᠢᠯᠦᠭᠡᠳᠦ ᠠᠷᠠᠯᠵᠢᠶᠠᠨ ᠤ ᠤᠷᠤᠨ ᠤ ᠰᠢᠨ᠎ᠡ ᠶᠢ ᠡᠬᠦᠳᠭᠦ | 106 ᠲᠦᠷᠢᠮ ᠢ ᠲᠡᠷᠡ ᠬᠡᠪ ᠢᠶᠠᠷ ᠨᠢ ᠲᠡᠯᠭᠡᠷᠡᠬᠦᠯᠵᠡᠢ᠃ | ᠭᠠᠳᠠᠭᠠᠳᠤ ᠠᠷᠠᠯᠵᠢᠶᠠᠨ ᠤ 300 ᠭᠠᠷᠤᠶ ᠴᠢᠳᠠᠪᠤᠷᠢᠲᠠᠨ ᠢ ᠬᠦᠮᠦᠵᠢᠬᠦᠯᠪᠡ | ᠨᠢᠳᠤᠨᠤᠨ ᠵᠢᠯ ᠳᠤ᠂ ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ | ᠭᠠᠳᠠᠭᠠᠳᠦ ᠠᠷᠠᠯᠵᠢᠶᠡᠨ ᠤ ᠬᠤᠯᠪᠤᠭᠠᠳᠦ ᠬᠤᠷᠠᠯ ᠪᠤᠯᠤᠨ ᠭᠠᠳᠠᠭᠠᠳᠦ ᠪᠡᠯᠡ ᠮᠦᠩᠬᠦ ᠶᠢᠨ ᠠᠵᠢᠯ ᠤᠨ ᠬᠤᠷᠠᠯ ᠢ 6 | ᠤᠳᠠᠭ᠎ᠠ ᠬᠤᠷᠠᠯᠳᠤᠭᠤᠯᠪᠠ︔ ᠪᠦᠬᠦ ᠠᠶᠢᠮᠠᠭ ᠤᠨ ᠭᠠᠳᠠᠭᠠᠳᠦ ᠪᠡᠯᠡ ᠮᠦᠩᠬᠦ ᠶᠢᠨ ᠠᠵᠢᠯ ᠤᠨ ᠶᠠᠷᠢᠯᠴᠠᠬᠤ ᠬᠤᠷᠠᠯ | ᠵᠢᠴᠢ ᠲᠤᠬᠠᠶᠢᠯᠠᠭᠰᠠᠨ ᠠᠵᠢᠯ ᠤᠨ ᠶᠡᠷᠦᠩᠭᠡᠶᠢᠯᠡᠭᠰᠡᠨ ᠬᠡᠷᠡᠭᠯᠡᠭᠡᠨ ᠤ ᠴᠢᠳᠠᠪᠤᠷᠢ ᠶᠢ ᠲᠡᠭᠡᠭᠰᠢᠯᠡᠬᠦᠯᠬᠦ ᠪᠤᠯᠪᠠᠰᠤᠷᠠᠯ ᠤᠨ | ᠠᠩᠬᠢ ᠶᠢ 1 ᠬᠤᠭᠤᠴᠠᠭ᠎ᠠ ᠡᠷᠬᠢᠯᠡᠵᠦ᠂ 300 ᠬᠦᠮᠦᠨ ᠳᠤ ᠪᠤᠯᠪᠠᠰᠤᠷᠠᠯ ᠬᠦᠷᠳᠡᠭᠡᠵᠡᠢ᠃ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠰᠠᠭᠤᠷᠢᠨ ᠭᠠᠵᠠᠷ ᠢ ᠪᠠᠶᠢᠭᠤᠯᠤᠨ᠂ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠴᠢᠳᠠᠪᠤᠷᠢᠳᠠᠨ ᠤ ᠪᠤᠯᠪᠠᠰᠤᠷᠠᠯ ᠤᠨ ᠠᠩᠬᠢ ᠶᠢ 4 ᠬᠤᠭᠤᠴᠠᠭ᠎ᠠ ᠦᠷᠨᠢᠬᠦᠯᠵᠦ᠂ ᠨᠡᠶᠢᠳᠡ 100 | ᠬᠦᠮᠦᠨ ᠳᠤ ᠪᠤᠯᠪᠠᠰᠤᠷᠠᠯ ᠬᠦᠷᠳᠡᠭᠡᠨ᠂ 40 ᠭᠠᠷᠤᠢ ᠡᠵᠡᠩᠨᠡᠯᠳᠡ ᠶᠢᠨ ᠭᠤᠤᠯ ᠴᠤᠭᠴᠠ ᠶᠢ ᠬᠦᠭᠵᠢᠬᠦᠯᠵᠡᠢ᠃ | RCEP ᠤᠨ ᠤᠯᠠᠨ ᠤᠯᠤᠰ ᠤᠨ ᠵᠠᠬ᠎ᠠ ᠲᠡᠯᠭᠡᠬᠦᠷ ᠢ ᠦᠷᠬᠦᠯᠵᠢᠯᠡᠨ ᠨᠡᠭᠡᠭᠡᠵᠦ᠂ ᠺᠧ ᠴᠢᠨ ᠸᠠᠨ ᠵᠢᠶᠠ᠂ ᠲᠦ᠋ | ᠮᠤ᠋ ᠮᠠᠯ ᠠᠵᠦ ᠠᠬᠤᠢ ᠵᠡᠷᠭᠡ ᠭᠠᠳᠠᠭᠠᠳᠦ ᠠᠷᠠᠯᠵᠢᠶᠠᠨ ᠤ ᠠᠵᠦ ᠠᠬᠤᠶᠢᠯᠠᠯ ᠤᠨ ᠭᠠᠳᠠᠭᠠᠳᠦ ᠳᠤ ᠭᠠᠷᠭᠠᠬᠤ | ᠬᠡᠪᠴᠢᠶ᠎ᠡ ᠲᠠᠰᠤᠷᠠᠯᠳᠠ ᠦᠭᠡᠢ ᠦᠷᠭᠡᠵᠢᠪᠡ᠃ | 1.6 ᠲᠦᠮᠡ ᠭᠠᠷᠤᠶ ᠬᠥᠮᠦᠨ ᠬᠠᠷᠢᠯᠴᠠᠨ ᠠᠷᠠᠯᠵᠢᠶᠠᠯᠠᠬᠤ ᠵᠠᠬ᠎ᠠ ᠲᠡᠯᠭᠡᠬᠦᠷ ᠲᠤ ᠤᠷᠤᠯᠴᠠᠵᠠᠢ | ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠣᠭᠤᠮᠲᠠ ᠶᠢᠨ ᠲᠣᠪᠴᠢᠶ᠎ᠠ ᠶᠢᠨ ᠢᠳᠡᠪᠬᠢᠳᠡᠢ | ᠴᠢᠷᠮᠠᠶᠢᠯᠭ᠎ᠠ ᠪᠠᠷ ᠲᠠᠮᠵᠢᠨ᠂ ᠷᠠᠰᠢᠶᠠᠨ ᠪᠤᠭᠤᠮᠳᠠ ᠶᠢᠨ ᠲᠤᠮᠳᠠᠳᠦ ᠮᠤᠩᠭᠤᠯ ᠤᠯᠤᠰ ᠤᠨ ᠬᠢᠯᠢ ᠶᠢᠨ ᠠᠷᠠᠳ ᠤᠨ | ᠬᠠᠷᠢᠯᠴᠠᠨ ᠠᠷᠠᠯᠵᠢᠶᠠᠯᠠᠬᠤ ᠤᠷᠤᠨ ᠨᠢ 2024 ᠤᠨ ᠤ 4 ᠰᠠᠷ᠎ᠠ ᠶᠢᠨ 1 ᠤ ᠡᠳᠦᠷ ᠡᠵᠡᠩᠨᠡᠯᠳᠡ ᠳᠤ ᠤᠷᠤᠵᠦ᠂ | ᠭᠤᠯᠢᠷ᠂ ᠢᠳᠡᠰᠢᠨ ᠲᠣᠰᠣ ᠵᠡᠷᠭᠡ 14 ᠲᠦᠷᠦᠯ ᠤᠨ ᠲᠠᠸᠠᠷ ᠢ ᠭᠠᠳᠠᠭᠠᠳᠦ ᠠᠴᠠ ᠤᠷᠤᠭᠤᠯᠬᠤ ᠠᠷᠠᠯᠵᠢᠶ᠎ᠠ ᠶᠢ | ᠪᠡᠶᠡᠯᠡᠬᠦᠯᠵᠦ᠂ ᠬᠠᠷᠢᠯᠴᠠᠨ ᠠᠷᠠᠯᠵᠢᠶᠠᠯᠠᠬᠤ ᠵᠠᠬ᠎ᠠ ᠲᠡᠯᠭᠡᠬᠦᠷ ᠲᠤ ᠤᠷᠤᠯᠴᠠᠪᠠ᠃ ︽ᠬᠢᠯᠢ ᠶᠢᠨ ᠠᠷᠠᠳ ᠤᠨ | ᠬᠠᠷᠢᠯᠴᠠᠨ ᠠᠷᠠᠯᠵᠢᠶᠠᠯᠠᠬᠤ + ᠪᠤᠳᠠᠳᠠᠢ ᠨᠠᠶᠢᠳᠠᠪᠤᠷᠢᠵᠢᠭᠤᠯᠤᠨ ᠪᠤᠯᠪᠠᠰᠤᠷᠠᠭᠤᠯᠬᠤ︾ ᠵᠠᠭᠪᠤᠷ ᠢ ᠢᠳᠡᠪᠬᠢᠳᠡᠢ ᠪᠠᠷ | ᠬᠠᠶᠢᠨ ᠰᠦᠪᠡᠭᠴᠢᠯᠡᠵᠦ᠂ ︽ᠬᠢᠩᠭᠠᠨ ᠠᠶᠢᠮᠠᠭ ᠤᠨ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ | ᠢᠨᠵᠧᠨᠧᠷᠢᠩ ᠢ ᠪᠤᠳᠠᠳᠠᠢ ᠨᠠᠶᠢᠳᠠᠪᠤᠷᠢᠵᠢᠭᠤᠯᠤᠨ ᠬᠢᠯᠢ ᠶᠢᠨ ᠠᠷᠠᠯᠵᠢᠶ᠎ᠠ ᠶᠢ ᠲᠦᠷᠭᠡᠳᠭᠡᠨ ᠬᠥᠭᠵᠢᠭᠦᠯᠬᠦ ᠶᠢ | ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ︾ ᠶᠢ ᠲᠦᠷᠦᠭᠦᠯᠡᠨ ᠲᠣᠭᠲᠠᠭᠠᠵᠤ᠂ ᠣᠷᠳᠣᠰ ᠤᠨ ᠢᠮᠠᠭᠠᠨ ᠨᠣᠯᠤᠤᠷ ᠪᠠ | ᠾᠧᠪᠧᠶ ᠶᠢᠨ ᠱᠧᠩ ᠯᠠᠩ᠂ ᠢᠦᠶ ᠲᠧᠩ᠂ ᠦᠢᠯᠡᠰ ᠵᠡᠷᠭᠡ ᠨᠢᠭᠡ ᠪᠦᠯᠦᠭ ᠠᠵᠤ ᠠᠬᠤᠶᠢᠯᠠᠯ ᠤᠳ ᠢ | ᠨᠤᠳᠤᠭᠰᠢᠭᠤᠯᠤᠨ᠂ ᠢᠮᠠᠭᠠᠨ ᠨᠤᠯᠤᠤᠷ ᠢ ᠭᠠᠳᠠᠭᠠᠳᠦ ᠠᠴᠠ ᠤᠷᠤᠭᠤᠯᠵᠦ ᠪᠤᠯᠪᠠᠰᠤᠷᠠᠭᠤᠯᠬᠤ ᠠᠵᠢᠯ ᠢ | ᠶᠠᠪᠤᠭᠳᠠᠭᠤᠯᠵᠦ᠂ ᠠᠵᠤ ᠦᠢᠯᠡᠰ ᠤᠨ ᠬᠦᠷᠢᠶᠡᠯᠡᠩ ᠨᠢ ᠠᠰᠢᠭᠯᠠᠯᠳᠠ ᠳᠤ ᠤᠷᠤᠭᠰᠠᠨ ᠤ ᠲᠠᠷᠠᠭ᠎ᠠ ᠢᠮᠠᠭᠠᠨ | ᠨᠣᠯᠤᠤᠷ ᠢ ᠡᠳ᠋ᠰᠢᠬᠦᠯᠵᠦ ᠪᠤᠯᠪᠠᠰᠤᠷᠠᠭᠤᠯᠤᠭᠰᠠᠨ ᠦᠷᠳᠡᠭ ᠨᠢ 1.3 ᠳ᠋ᠦᠩᠰᠢᠭᠤᠷ ᠲᠦᠭᠦᠷᠢᠭ ᠬᠦᠷᠪᠡ᠃ | ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠨᠢ ᠬᠡᠷᠡᠭᠯᠡᠭᠡ ᠶᠢ 8.4 ᠳ᠋ᠦᠩᠰᠢᠭᠤᠷ ᠲᠥᠭᠦᠷᠢᠭ | ᠳᠠᠶᠢᠴᠢᠯᠠᠪᠠ | ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠣᠭᠤᠮᠲᠠ ᠶᠢᠨ ᠲᠣᠪᠴᠢᠶ᠎ᠠ ᠬᠠᠷᠠᠭᠠᠯᠵᠠᠯ ᠦᠵᠡᠬᠦᠯᠦᠨ | ᠪᠤᠷᠤᠯᠠᠭᠤᠯᠭ᠎ᠠ ᠶᠢ ᠠᠬᠢᠭᠤᠯᠬᠤ ᠡᠯ᠎ᠡ ᠲᠦᠷᠦᠯ ᠤᠨ ᠠᠵᠢᠯᠯᠠᠭ᠎ᠠ ᠶᠢ 900 ᠭᠠᠷᠤᠢ ᠲᠠᠯᠠᠪᠤᠷ ᠶᠠᠪᠤᠭᠳᠠᠭᠤᠯᠵᠦ᠂ | ᠭᠤᠤᠯᠳᠠᠯᠭ᠎ᠠ ᠲᠠᠢ ᠠᠵᠢᠯ ᠲᠥᠷᠥᠯ ᠰᠡᠷᠭᠦᠯᠲᠡ ᠶᠢᠨ ᠴᠢᠨᠠᠷᠲᠠᠶ ᠪᠠᠷ ᠨᠡᠮᠡᠭᠳᠡᠯ ᠢ ᠪᠡᠶᠡᠯᠡᠬᠦᠯᠪᠡ᠃ ᠤᠯᠠᠭᠠᠨᠬᠤᠲᠠ | ᠣᠷᠣᠨ ᠤ ︽ᠬᠢᠩᠭᠠᠨ ᠤ ᠮᠠᠰᠢᠨ ᠳᠡᠷᠭᠡ ᠶᠢᠨ ᠠᠷᠦ ᠶᠢᠨ ᠬᠠᠶᠢᠷᠴᠠᠭ ᠤᠨ ᠵᠠᠬ᠎ᠠ ᠲᠡᠯᠭᠡᠬᠦᠷ︾ ᠢᠶᠠᠷ ᠭᠤᠤᠯᠳᠠᠯᠭ᠎ᠠ | ᠪᠤᠯᠭᠠᠨ᠂ ᠪᠤᠰᠤᠳ ᠬᠤᠰᠢᠭᠤ ᠰᠢᠶᠠᠨ ᠬᠤᠳᠠ ᠶᠢ ᠨᠦᠯᠦᠭᠡᠯᠡᠨ ᠲᠠᠶᠢᠴᠢᠯᠠᠵᠦ᠂ ᠬᠤᠲᠠ ᠶᠢᠨ ᠴᠡᠴᠡᠷᠯᠢᠭ᠂ ᠵᠡᠭᠡᠯᠢ | ᠭᠤᠳᠤᠮᠵᠢ ᠶᠢᠨ ᠥᠨᠴᠥᠭ ᠪᠤᠯᠤᠩ ᠵᠡᠷᠭᠡ ᠰᠤᠯᠠ ᠬᠡᠷᠡᠭᠯᠡᠬᠦ ᠭᠠᠵᠠᠷ ᠢ ᠡᠷᠴᠢᠮᠵᠢᠭᠦᠯᠦᠨ ᠠᠰᠢᠭᠯᠠᠵᠤ᠂ 8 ︽ᠮᠠᠰᠢᠨ | ᠳᠡᠷᠭᠡ ᠶᠢᠨ ᠠᠷᠤ ᠶᠢᠨ ᠬᠠᠶᠢᠷᠴᠠᠭ ᠤᠨ ᠵᠠᠬ᠎ᠠ ᠳᠡᠯᠭᠡᠭᠦᠷ︾ ᠢ ᠦᠭᠡᠷᠡᠴᠢᠯᠡᠨ ᠲᠡᠰ ᠲᠡᠪᠰᠢᠬᠦᠯᠪᠡ᠃ ᠬᠡᠷᠡᠭᠯᠡᠭᠡᠨ ᠤ | ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠵᠠᠰᠠᠭ ᠤᠨ ᠤᠷᠳᠤᠨ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠵᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ | ᠲᠠᠶᠢᠯᠤᠮᠵᠢ ᠶᠢ ᠪᠥᠬᠦ ᠲᠠᠯ᠎ᠠ ᠪᠠᠷ ᠴᠢᠩᠭᠠᠳᠬᠠᠵᠤ᠂ ᠪᠥᠬᠦ ᠠᠶᠢᠮᠠᠭ ᠤᠨ ᠬᠠᠭᠤᠴᠢᠨ ᠢᠶᠠᠷ ᠰᠢᠨ᠎ᠡ ᠶᠢ ᠰᠣᠯᠢᠬᠤ | ᠠᠵᠢᠯᠯᠠᠭ᠎ᠠ ᠳᠤ ᠤᠷᠤᠯᠴᠠᠭᠰᠠᠨ ᠠᠵᠦ ᠠᠬᠤᠶᠢᠯᠠᠯ 200 ᠶᠢ ᠲᠠᠪᠠᠵᠦ᠂ ᠨᠦᠬᠦᠪᠦᠷᠢᠯᠡᠭᠰᠡᠨ ᠬᠡᠮᠵᠢᠶ᠎ᠡ 1.2 | ᠳ᠋ᠦᠩᠰᠢᠭᠤᠷ ᠲᠥᠭᠦᠷᠢᠭ ᠬᠦᠷᠴᠦ᠂ 8.4 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠭᠰᠠᠨ ᠪᠠᠶᠢᠨ᠎ᠠ᠃ | ᠪᠥᠬᠦ ᠠᠶᠢᠮᠠᠭ ᠤᠨ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠬᠡᠮᠵᠢᠶ᠎ᠡ 15.35 ᠳ᠋ᠦᠩᠰᠢᠭᠤᠷ | ᠲᠦᠭᠦᠷᠢᠭ ᠲᠤ ᠬᠦᠷᠪᠡ | ᠠᠯᠢᠪᠠᠪᠠ᠂ ᠵᠢᠩ ᠳ᠋ᠦᠩ᠂ ᠵᠠᠭᠤᠴᠢᠯᠠᠭᠤᠷ ᠤᠨ ᠶᠡᠭᠡ ᠰᠤᠷᠭᠠᠭᠤᠯᠢ ᠵᠡᠷᠭᠡ ᠲᠠᠪᠴᠠᠩ ᠤᠨ ᠳᠠᠪᠠᠭᠤᠯᠢᠭ ᠢ | ᠲᠦᠰᠢᠭᠯᠡᠨ᠂ ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ︽ᠮᠢᠩᠭᠠᠨ ᠬᠦᠮᠦᠨ | ᠰᠦᠯᠵᠢᠶ᠎ᠡ ᠪᠠᠷ ᠪᠠᠷᠠᠭ᠎ᠠ ᠬᠤᠳᠠᠯᠳᠤᠬᠤ᠂ ᠲᠦᠮᠡᠨ ᠬᠦᠮᠦᠨ ᠤ ᠤᠷᠤᠯᠭ᠎ᠠ ᠶᠢ ᠨᠡᠮᠡᠭᠳᠡᠬᠦᠯᠬᠦ᠂ ᠳ᠋ᠦᠩᠰᠢᠭᠤᠷ | ᠲᠦᠭᠦᠷᠢᠭ ᠪᠤᠷᠤᠯᠠᠭᠤᠯᠬᠤ︾ ᠲᠤᠰᠬᠠᠢ ᠠᠵᠢᠯᠯᠠᠭ᠎ᠠ ᠶᠢ ᠢᠳᠡᠪᠬᠢᠳᠡᠢ ᠦᠷᠨᠢᠬᠦᠯᠵᠦ᠂ ᠡᠯᠧᠺᠲᠷᠤᠨ ᠬᠤᠳᠠᠯᠳᠤᠭᠠᠨ ᠤ | ᠲᠦᠷᠦᠯ ᠲᠡᠮᠳᠡᠭ ᠤᠨ ᠪᠠᠶᠢᠭᠤᠯᠤᠯᠳᠠ ᠶᠢᠨ ᠵᠤᠯᠭᠠᠭᠤᠯᠬᠤ ᠬᠤᠷᠠᠯ᠂ ᠡᠯᠧᠺᠲᠷᠤᠨ ᠬᠤᠳᠠᠯᠳᠤᠭᠠᠨ ᠤ ᠰᠠᠷ᠎ᠠ ᠵᠡᠷᠭᠡ | ᠠᠵᠢᠯᠯᠠᠭ᠎ᠠ ᠶᠢ 210 ᠭᠠᠷᠤᠢ ᠲᠠᠯᠠᠪᠤᠷ ᠶᠠᠪᠤᠭᠳᠠᠭᠤᠯᠪᠠ᠃ ᠡᠯᠧᠺᠲᠷᠣᠨ ᠬᠤᠳᠠᠯᠳᠤᠭ᠎ᠠ ᠶᠢ ᠲᠦᠭᠡᠮᠡᠯᠵᠢᠭᠦᠯᠬᠦ᠂ | ᠳᠡᠭᠡᠭᠰᠢᠯᠡᠭᠦᠯᠬᠦ ᠵᠡᠷᠭᠡ ᠲᠤᠰᠬᠠᠶ ᠲᠥᠷᠥᠯ ᠤᠨ ᠪᠤᠯᠪᠠᠰᠤᠷᠠᠯ ᠤᠨ ᠠᠩᠬᠢ ᠶᠢ 10 ᠬᠤᠭᠤᠴᠠᠭ᠎ᠠ ᠥᠷᠨᠢᠭᠦᠯᠵᠦ᠂ | 1500 ᠭᠠᠷᠤᠶ ᠬᠥᠮᠦᠨ ᠳᠤ ᠪᠣᠯᠪᠠᠰᠤᠷᠠᠯ ᠬᠦᠷᠲᠡᠭᠡᠵᠦ᠂ ︽ᠬᠢᠩᠭᠠᠨ ᠤ ᠣᠨᠴᠠ ᠭᠠᠷᠤᠯᠲᠠ ᠶᠢᠨ ᠣᠷᠳᠣᠨ︾ | ᠵᠡᠷᠭᠡ ᠡᠯᠧᠺᠲᠷᠤᠨ ᠬᠤᠳᠠᠯᠳᠤᠭᠠᠨ ᠤ ᠲᠠᠪᠴᠠᠩ ᠢ 5 ᠪᠠᠶᠢᠭᠤᠯᠪᠠ᠃ | ᠡᠭᠦᠨ ᠤ ᠬᠠᠮᠲᠤ᠂ ᠬᠤᠰᠢᠭᠤ ᠰᠢᠶᠠᠨ ᠬᠤᠲᠠ ᠶᠢᠨ ᠡᠯᠧᠺᠲᠷᠣᠨ ᠬᠤᠳᠠᠯᠳᠤᠭᠠᠨ ᠤ ᠠᠵᠦ ᠠᠬᠤᠶᠢᠯᠠᠯ ᠢ | ᠢᠳᠡᠪᠬᠢᠳᠡᠢ ᠪᠠᠷ ᠲᠠᠳᠠᠵᠦ ᠨᠤᠳᠤᠭ ᠲᠠᠭᠠᠨ ᠪᠤᠴᠠᠨ ᠦᠢᠯᠡᠰ ᠪᠤᠰᠬᠠᠬᠤ ᠶᠢ ᠢᠳᠡᠪᠬᠢᠳᠡᠢ ᠲᠡᠮᠵᠢᠵᠦ᠂ ᠬᠤᠰᠢᠭᠤ | ᠰᠢᠶᠠᠨ ᠬᠤᠲᠠ ᠶᠢᠨ ᠲᠣᠰ ᠭᠠᠵᠠᠷ ᠣᠷᠣᠨ ᠤ ᠰᠦᠯᠵᠢᠶᠡᠨ ᠤᠳᠤᠳ ᠢ ᠭᠤᠤᠯᠳᠠᠯᠭ᠎ᠠ ᠲᠠᠢ ᠰᠢᠶᠠᠩ ᠪᠠᠯᠭᠠᠰᠦ ᠲᠠᠢ | ᠬᠤᠤᠰᠯᠠᠯ ᠪᠠᠶᠢᠭᠤᠯᠤᠨ ᠬᠠᠮᠳᠤᠷᠠᠨ ᠠᠵᠢᠯᠯᠠᠵᠦ ᠬᠠᠷᠢᠴᠠᠭ᠎ᠠ ᠪᠠᠶᠢᠭᠤᠯᠬᠤ ᠶᠢ ᠵᠢᠯᠤᠭᠤᠳᠪᠠ᠃ ᠳᠠᠪᠠᠭᠤᠯᠢᠭ | ᠭᠤᠤᠯᠯᠠᠬᠤ ᠠᠵᠤ ᠦᠢᠯᠡᠰ ᠲᠤ ᠰᠠᠭᠤᠷᠢᠯᠠᠨ ︽ᠬᠦᠷᠢᠶ᠎ᠠ ᠬᠠᠰᠢᠶ᠎ᠠ ᠶᠢᠨ ᠠᠵᠤ ᠠᠬᠤᠶ + ᠰᠢᠭᠤᠳ | ᠨᠡᠪᠳᠡᠷᠡᠬᠦᠯᠭᠡ ᠶᠢᠨ ᠡᠯᠧᠺᠲᠷᠣᠨ ᠬᠤᠳᠠᠯᠳᠤᠭ᠎ᠠ︾ ᠶᠢᠨ ᠵᠠᠭᠪᠤᠷ ᠢ ᠰᠦᠪᠡᠭᠴᠢᠯᠡᠵᠦ᠂ ᠬᠢᠩᠭᠠᠨ ᠠᠶᠢᠮᠠᠭ ᠤᠨ | ᠲᠠᠷᠢᠶᠠᠯᠠᠩ ᠤᠨ ᠤᠨᠴᠠ ᠭᠠᠷᠤᠯᠳᠠ ᠶᠢᠨ ᠪᠤᠷᠤᠯᠠᠭᠤᠯᠭ᠎ᠠ ᠪᠠ ᠮᠠᠯᠴᠢᠨ ᠲᠠᠷᠢᠶᠠᠴᠢᠨ ᠤ ᠤᠷᠤᠯᠭ᠎ᠠ ᠶᠢᠨ ᠨᠡᠮᠡᠭᠳᠡᠯ ᠳᠤ | ᠬᠦᠴᠦᠨ ᠨᠡᠮᠡᠷᠢᠯᠡᠵᠦ᠂ 2024 ᠣᠨ ᠳᠤ ᠪᠥᠬᠦ ᠠᠶᠢᠮᠠᠭ ᠤᠨ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠬᠡᠮᠵᠢᠶ᠎ᠡ | 15.35 ᠳ᠋ᠦᠩᠰᠢᠭᠤᠷ ᠲᠥᠭᠦᠷᠢᠭ ᠲᠤ ᠬᠥᠷᠪᠡ᠃ | ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠢ 40 ᠪᠠᠶᠢᠭᠤᠯᠪᠠ | ᠪᠥᠬᠦ ᠤᠯᠤᠰ ᠤᠨ ᠬᠤᠶᠠᠳᠤᠭᠠᠷ ᠬᠤᠭᠤᠴᠠᠭᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ︽ᠲᠤᠰᠬᠠᠢ | ᠮᠡᠷᠭᠡᠵᠢᠯᠲᠡᠨ ᠬᠥᠳᠡᠭᠡ ᠪᠠᠭᠤᠬᠤ︾ ᠠᠵᠢᠯᠯᠠᠭ᠎ᠠ ᠵᠢᠴᠢ ᠥᠪᠥᠷ ᠮᠣᠩᠭᠤᠯ ᠤᠨ ᠰᠢᠶᠠᠨ ᠤ ᠬᠡᠪᠴᠢᠶᠡᠨ ᠤ | ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠪᠤᠯᠪᠠᠰᠤᠷᠠᠯ ᠤᠨ ᠬᠤᠷᠠᠯ ᠬᠢᠩᠭᠠᠨ ᠠᠶᠢᠮᠠᠭ ᠲᠤ ᠬᠤᠷᠠᠯᠳᠤᠪᠠ | ︔ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠤᠶᠠᠳᠤᠭᠠᠷ ᠪᠦᠯᠦᠭ ᠤᠨ ᠪᠥᠬᠦ ᠤᠯᠤᠰ ᠤᠨ ᠰᠢᠶᠠᠨ ᠤ | ᠬᠡᠪᠴᠢᠶᠡᠨ ᠤ ᠬᠤᠳᠠᠯᠳᠤᠭᠠᠨ ᠤ ︽ᠬᠦᠳᠦᠯᠦᠨ ᠲᠠᠭᠠᠭᠤᠯᠤᠭᠰᠠᠨ ᠰᠢᠶᠠᠨ︾ ᠤ ᠬᠡᠷᠡᠭ ᠤᠨ ᠵᠢᠱᠢᠶ᠎ᠡ ᠶᠢᠨ | ᠡᠮᠬᠢᠳᠭᠡᠯ ᠳᠤ ᠰᠤᠩᠭᠤᠭᠳᠠᠨ ᠤᠷᠤᠪᠠ︔ ᠪᠥᠬᠦ ᠠᠶᠢᠮᠠᠭ ᠤᠨ 5 ᠬᠤᠰᠢᠭᠤ ᠰᠢᠶᠠᠨ ᠬᠤᠲᠠ ᠤᠯᠤᠰ ᠤᠨ | ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠳᠠ ᠶᠢᠨ ᠲᠤᠷᠰᠢᠯᠳᠠ ᠶᠢᠨ ᠰᠢᠶᠠᠨ ᠤ | ᠡᠩᠨᠡᠭᠡᠨ ᠳᠤ ᠤᠷᠤᠵᠦ᠂ ᠬᠤᠰᠢᠭᠤ ᠰᠢᠶᠠᠨ ᠨᠢᠭᠡᠪᠦᠷᠢ ᠲᠦᠷᠦ ᠶᠢᠨ ᠪᠤᠳᠤᠯᠭ᠎ᠠ ᠶᠢᠨ ᠪᠡᠯᠡ ᠮᠦᠩᠬᠦ ᠶᠢ 1000 | ᠲᠦᠮᠡᠨ ᠲᠦᠭᠦᠷᠢᠭ ᠤᠷᠴᠢᠮ ᠬᠦᠷᠳᠡᠵᠡᠢ᠃ | ᠬᠢᠩᠭᠠᠨ ᠠᠶᠢᠮᠠᠭ 2022 ᠣᠨ ᠪᠠ 2023 ᠣᠨ ᠳᠤ ᠥᠪᠡᠷᠲᠡᠭᠡᠨ ᠵᠠᠰᠠᠬᠤ ᠣᠷᠣᠨ ᠤ ᠲᠠᠰ᠂ | ᠤᠯᠤᠰ ᠤᠨ ᠲᠡᠰ ᠤᠨ ᠠᠷᠠᠳ ᠲᠤ ᠲᠦᠬᠦᠮ ᠦᠵᠡᠬᠦᠯᠬᠦ ︽ᠠᠷᠪᠠᠨ ᠳᠠᠪᠤᠨ ᠮᠢᠨᠦ᠋ᠲ︾ ᠤᠨ ᠠᠮᠢᠳᠤᠷᠠᠯ ᠤᠨ | ᠲᠤᠭᠤᠷᠢᠭ ᠤᠨ ᠲᠤᠷᠰᠢᠯᠳᠠ ᠶᠢᠨ ᠬᠤᠳᠠ ᠪᠠᠷ ᠦᠨᠡᠯᠡᠭᠳᠡᠵᠦ᠂ ᠬᠤᠲᠠ ᠶᠢᠨ ᠠᠷᠠᠳ ᠲᠤ ᠲᠥᠬᠦᠮ ᠦᠵᠡᠭᠦᠯᠬᠦ ︽ | ᠠᠷᠪᠠᠨ ᠳᠠᠪᠤᠨ ᠮᠢᠨᠦ᠋ᠲ︾ ᠤᠨ ᠠᠮᠢᠳᠤᠷᠠᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ 40 ᠲᠥᠷᠥᠯ | ᠵᠦᠢᠯ ᠢ ᠦᠷᠭᠦᠯᠵᠢᠯᠡᠨ ᠠᠬᠢᠭᠤᠯᠪᠠ᠃ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠠᠷᠠᠯᠵᠢᠶᠠᠨ ᠤ ᠬᠡᠮᠵᠢᠶ᠎ᠡ 2 ᠳ᠋ᠦᠩᠰᠢᠭᠤᠷ | ᠲᠦᠭᠦᠷᠢᠭ ᠲᠤ ᠬᠦᠷᠪᠡ | ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠣᠭᠤᠮᠲᠠ ᠶᠢᠨ ᠲᠤᠪᠴᠢᠶ᠎ᠠ ︽ᠬᠢᠩᠭᠠᠨ ᠤ ᠰᠠᠶᠢᠨ ᠡᠳ᠋ | ᠪᠠᠷᠠᠭ᠎ᠠ ᠶᠢ ᠴᠠᠩᠴᠦ᠋ᠨ ᠳᠤ ᠤᠷᠤᠭᠤᠯᠵᠦ ᠴᠠᠭᠠᠨ ᠰᠠᠷ᠎ᠠ ᠶᠢᠨ ᠪᠠᠷᠠᠭ᠎ᠠ ᠶᠢᠨ ᠴᠤᠭᠯᠠᠭ᠎ᠠ ᠵᠢᠴᠢ ᠰᠤᠯᠢᠯᠴᠠᠭ᠎ᠠ | ᠬᠠᠮᠳᠤᠷᠠᠯᠴᠠᠭ᠎ᠠ ᠶᠢ ᠵᠤᠯᠭᠠᠭᠤᠯᠬᠤ ᠬᠤᠷᠠᠯ︾ ︽ᠬᠢᠩᠭᠠᠨ ᠠᠶᠢᠮᠠᠭ · ᠭᠤᠸᠠᠩᠳᠦ᠋ᠩ ᠰᠢᠶᠠᠩᠭᠠᠩ ᠤᠤᠮᠧᠨ ᠤ ᠲᠤᠮᠦ | ᠪᠤᠯᠤᠩ ᠤᠨ ᠤᠷᠤᠨ ᠤ ᠪᠡᠯᠡ ᠤᠷᠤᠭᠤᠯᠤᠯᠳᠠ ᠶᠢᠨ ᠬᠠᠮᠵᠢᠯᠴᠠᠭ᠎ᠠ ᠶᠢ ᠵᠤᠯᠭᠠᠭᠤᠯᠬᠤ ᠬᠤᠷᠠᠯ︾ ︽ᠮᠣᠩᠭᠤᠯ | ᠪᠠᠷᠠᠭ᠎ᠠ ᠶᠢ ᠪᠡᠭᠡᠵᠢᠩ ᠳᠤ ᠣᠷᠣᠭᠤᠯᠬᠤ︾ ᠪᠤᠷᠤᠯᠠᠭᠤᠯᠭ᠎ᠠ ᠶᠢᠨ ᠠᠵᠦ ᠠᠬᠤᠶᠢᠯᠠᠯ ᠤᠨ ᠬᠤᠯᠪᠤᠭ᠎ᠠ ᠪᠠᠶᠢᠭᠤᠯᠤᠭᠳᠠᠬᠤ | ᠶᠡᠭᠡ ᠬᠤᠷᠠᠯ ᠵᠡᠷᠭᠡ 10 ᠭᠠᠷᠤᠢ ᠲᠠᠯᠠᠪᠤᠷ ᠡᠵᠡᠩᠨᠡᠯᠲᠡ ᠪᠣᠷᠣᠯᠠᠭᠤᠯᠭ᠎ᠠ ᠶᠢᠨ ᠲᠠᠨᠢᠯᠴᠠᠭᠤᠯᠭ᠎ᠠ ᠶᠢᠨ ᠠᠵᠢᠯᠯᠠᠭ᠎ᠠ ᠶᠢ | ᠡᠷᠬᠢᠯᠡᠵᠦ ᠤᠷᠤᠯᠴᠠᠵᠠᠢ᠃ ᠲᠤᠬᠠᠶ ᠶᠢᠨ ᠲᠠᠯᠠᠪᠤᠷ ᠲᠤ ᠳᠡᠯᠭᠡᠨ ᠦᠵᠡᠬᠦᠯᠦᠭᠰᠡᠨ ᠬᠢᠩᠭᠠᠨ ᠠᠶᠢᠮᠠᠭ ᠤᠨ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠪᠤᠷᠤᠯᠠᠭᠤᠯᠭ᠎ᠠ ᠨᠢ 2 ᠳ᠋ᠦᠩᠰᠢᠭᠤᠷ ᠲᠦᠭᠦᠷᠢᠭ ᠢ ᠲᠠᠪᠠᠪᠠ᠃ | ᠲᠠᠷᠢᠶᠠᠯᠠᠩ ᠤᠨ ᠣᠨᠴᠠ ᠭᠠᠷᠤᠯᠲᠠ ᠶᠢᠨ ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠢᠳᠡᠪᠬᠢᠳᠡᠢ ᠦᠷᠭᠡᠳᠭᠡᠨ | ᠂ ᠲᠤᠤ ᠪᠤᠤ᠂ ᠵᠢᠩ ᠳ᠋ᠦᠩ᠂ ᠴᠤᠤᠷᠢᠶ᠎ᠠ ᠵᠡᠷᠭᠡ ᠲᠤᠮᠦ ᠬᠡᠯᠪᠡᠷᠢ ᠶᠢᠨ ᠡᠯᠧᠺᠲᠷᠤᠨ ᠬᠤᠳᠠᠯᠳᠤᠭ᠎ᠠ ᠪᠠ ᠰᠢᠨ᠎ᠡ | ᠵᠠᠭᠤᠯᠴᠢᠯᠠᠭᠤᠷ ᠤᠨ ᠲᠠᠪᠴᠠᠩ ᠲᠠᠢ ᠬᠤᠯᠪᠤᠭᠠᠯᠠᠨ ᠡᠯ᠎ᠡ ᠲᠦᠷᠦᠯ ᠤᠨ ᠪᠤᠷᠤᠯᠠᠭᠤᠯᠭ᠎ᠠ ᠶᠢ ᠠᠬᠢᠭᠤᠯᠬᠤ | ᠠᠵᠢᠯᠯᠠᠭ᠎ᠠ ᠶᠢ 200 ᠭᠠᠷᠤᠢ ᠲᠠᠯᠠᠪᠤᠷ ᠡᠷᠬᠢᠯᠡᠪᠡ᠃ ︽832 ᠲᠠᠪᠴᠠᠩ︾ ᠢ ᠠᠰᠢᠭᠯᠠᠨ ᠬᠠᠩᠭᠠᠬᠤ ᠪᠠ | ᠬᠤᠳᠠᠯᠳᠤᠨ ᠠᠪᠬᠤ ᠶᠢ ᠵᠤᠯᠭᠠᠭᠤᠯᠬᠤ ᠶᠢ ᠴᠢᠩᠭᠠᠳᠬᠠᠵᠦ᠂ ᠬᠢᠩᠭᠠᠨ ᠠᠶᠢᠮᠠᠭ ᠤᠨ ᠬᠡᠰᠡᠭ ᠲᠠᠷᠢᠶᠠᠯᠠᠩ ᠤᠨ ᠤᠨᠴᠠ | ᠰᠢᠯᠢᠳᠡᠭ ᠪᠦᠳᠦᠭᠡᠭᠳᠡᠬᠦᠨ ᠢ ᠲᠤᠮᠳᠠᠳᠦ ᠤᠯᠤᠰ ᠤᠨ ᠴᠢᠯᠠᠭᠤᠨ ᠳᠤᠰᠤᠨ ᠤ ᠲᠦᠬᠦᠮ ᠦᠵᠡᠬᠦᠯᠬᠦ ᠲᠡᠯᠭᠡᠬᠦᠷ᠂ | ᠦᠨᠳᠦᠷ ᠬᠤᠷᠳᠤᠴᠠᠳᠦ ᠵᠠᠰᠠᠮᠠᠯ ᠵᠠᠮ ᠤᠨ ᠦᠢᠯᠡᠴᠢᠯᠡᠭᠡᠨ ᠤ ᠤᠷᠤᠨ ᠵᠢᠴᠢ ᠰᠦᠯᠵᠢᠶᠡᠨ ᠲᠡᠭᠡᠷᠡᠬᠢ ᠲᠠᠪᠴᠠᠩ ᠢ | ᠠᠰᠢᠭᠯᠠᠨ ᠪᠤᠷᠤᠯᠠᠭᠤᠯᠪᠠ᠃ | ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ᠠᠴᠠ ᠠᠶᠢᠮᠠᠭ ᠤᠨ | ᠲᠤᠳᠤᠭᠠᠳᠦ ᠶᠢᠨ ᠠᠵᠦ ᠠᠬᠤᠶᠢᠯᠠᠯ ᠢ ᠪᠡᠭᠡᠵᠢᠩ᠂ ᠱᠠᠩᠬᠠᠢ ᠵᠡᠷᠭᠡ ᠭᠠᠵᠠᠷ ᠲᠤ ᠬᠢᠩᠭᠠᠨ ᠠᠶᠢᠮᠠᠭ ᠤᠨ | ᠲᠠᠷᠢᠶᠠᠯᠠᠩ ᠤᠨ ᠤᠨᠴᠠ ᠭᠠᠷᠤᠯᠳᠠ ᠶᠢᠨ ᠲᠤᠰᠬᠠᠢ ᠡᠵᠡᠩᠨᠡᠯᠳᠡ ᠶᠢᠨ ᠲᠡᠯᠭᠡᠬᠦᠷ᠂ ᠬᠤᠰᠢᠭᠤᠴᠢ ᠲᠡᠯᠭᠡᠬᠦᠷ ᠪᠠ | ᠦᠵᠡᠬᠦᠯᠦᠯᠭᠡ ᠶᠢᠨ ᠲᠦᠪ ᠪᠠᠶᠢᠭᠤᠯᠬᠤ ᠶᠢ ᠵᠤᠷᠢᠭᠵᠢᠭᠤᠯᠪᠠ᠃ ︽ᠥᠪᠥᠷ ᠮᠣᠩᠭᠤᠯ ᠤᠨ ᠦᠨᠦᠷ ᠠᠮᠲᠠ︾ ᠶᠢ | ᠶᠠᠮᠤᠨ ᠵᠥᠪᠯᠡᠯ ᠳᠤ ᠣᠷᠣᠭᠤᠯᠬᠤ᠂ ᠲᠥᠪ ᠤᠨ ᠠᠵᠤ ᠠᠬᠤᠶᠢᠯᠠᠯ ᠳᠤ ᠣᠷᠣᠭᠤᠯᠬᠤ ᠰᠢᠷᠢᠰ ᠠᠵᠢᠯᠯᠠᠭ᠎ᠠ ᠲᠠᠢ | ᠤᠶᠠᠯᠳᠤᠭᠤᠯᠤᠨ᠂ ᠬᠡᠰᠡᠭ ᠪᠠᠶᠢᠭᠤᠯᠭ᠎ᠠ ᠨᠢᠭᠡᠴᠢ ᠶᠢᠨ ᠬᠤᠭᠤᠯᠠᠨ ᠭᠡᠷ ᠲᠤ ᠬᠢᠩᠭᠠᠨ ᠤ ︽ᠨᠤᠳᠤᠭ ᠤᠨ ᠤᠨᠴᠠ | ᠭᠠᠷᠤᠯᠳᠠ︾ ᠶᠢᠨ ᠦᠵᠡᠬᠦᠯᠦᠯᠭᠡ ᠶᠢᠨ ᠲᠤᠰᠬᠠᠢ ᠤᠷᠤᠨ ᠭᠠᠷᠭᠠᠪᠠ᠃ · ᠰᠦᠨ ᠰᠢᠨ ᠢᠤᠢ · |