ᠵᠠᠰᠠᠭ ᠤᠨ ᠣᠷᠳᠣᠨ ᠤ ᠲᠤᠮᠤ ᠶᠠᠪᠤᠳᠠᠯ ᠤᠨ ᠲᠡᠮᠳᠡᠭᠯᠡᠯ ︵2024 ᠤᠨ ᠤ 1 ᠰᠠᠷ᠎ᠠ ᠶᠢᠨ 1 ᠤ ᠡᠳᠦᠷ ᠠᠴᠠ 3 ᠰᠠᠷ᠎ᠠ ᠶᠢᠨ 31 ᠤ ᠡᠳᠦᠷ︶
ᠨᠡᠶᠢᠲᠡᠯᠡᠭᠰᠡᠨ ᠴᠠᠭ᠄
2025/3/27
     1 ᠰᠠᠷ᠎ᠠ ᠶᠢᠨ 2 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠ ᠬᠤᠲᠠ ᠶᠢᠨ ᠭᠡᠷᠡᠯᠲᠦᠭᠦᠯᠭᠡ ᠶᠢᠨ ᠭᠤᠶᠤᠵᠢᠭᠤᠯᠤᠯᠲᠠ ᠶᠢᠨ ᠠᠵᠢᠯ ᠢ ᠵᠣᠬᠢᠴᠠᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃    1 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠠᠷᠪᠠᠨ ᠬᠤᠰᠢᠭᠤ ᠰᠢᠶᠠᠨ ᠵᠠᠭᠤᠨ ᠰᠤᠮᠤ ᠰᠢᠶᠠᠩ ᠪᠠᠯᠭᠠᠰᠤ ᠮᠢᠩᠭᠠᠨ ᠭᠠᠴᠠᠭ᠎ᠠ ᠲᠣᠰᠬᠤᠨ︾ ᠤ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠢᠨᠵᠧᠨᠧᠷᠢᠩ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠢᠩ ᠪᠥᠸᠧ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ  ᠮᠧᠩ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠬᠡᠰᠡᠭ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃    1 ᠰᠠᠷ᠎ᠠ ᠶᠢᠨ 3 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠠᠷᠪᠠᠳᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠬᠢᠵᠦ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠯᠢᠦ ᠢᠦᠶ ᠪᠥᠸᠧ ᠵᠢᠴᠢ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃       1 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠵᠠᠩ ᠵᠢᠶᠦ᠋ᠨ ᠢᠦᠶ ᠬᠤᠷᠠᠯ ᠳᠤ ᠣᠷᠣᠯᠴᠠᠵᠤ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃      1 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠢᠩ ᠪᠥᠸᠧ 2024 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ ᠬᠤᠷᠠᠯ ᠳᠤ ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤ ᠶᠢᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃      1 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠭᠤᠴᠢ ᠶᠢᠰᠦᠳᠦᠭᠡᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠥᠪᠯᠡᠬᠦ ᠰᠡᠳᠦᠪ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠭᠤᠴᠢᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠤᠨ ᠵᠥᠪᠯᠡᠬᠦ ᠰᠡᠳᠦᠪ ᠢ ᠡᠷᠬᠢᠯᠡᠨ ᠬᠤᠷᠠᠯᠳᠤᠭᠤᠯᠪᠠ᠃ ᠡᠯ᠎ᠡ ᠬᠤᠪᠢᠳᠠᠨ ᠬᠠᠮᠢᠶᠠᠷᠴᠤ ᠪᠥᠬᠦᠶ ᠬᠤᠰᠢᠭᠤᠨ ᠤ ᠳᠡᠳ᠋ ᠳᠠᠷᠤᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃      1 ᠰᠠᠷ᠎ᠠ ᠶᠢᠨ 9 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠢᠩ ᠪᠥᠸᠧ ᠵᠢᠴᠢ ᠪᠤᠰᠤᠳ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃      1 ᠰᠠᠷ᠎ᠠ ᠶᠢᠨ 10 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠹᠠᠩ ᠢᠦᠶ ᠼᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠥᠷᠪᠡᠳᠦᠭᠡᠷ ᠤᠳᠠᠭᠠᠨ ᠤ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠳᠤ ᠣᠷᠣᠯᠴᠠᠪᠠ᠃      1 ᠰᠠᠷ᠎ᠠ ᠶᠢᠨ 10 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠴᠢᠦᠶ ᠵᠧᠨ ᠨᠢᠶᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ ᠪᠣᠯᠤᠨ ᠠᠶᠢᠮᠠᠭ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠠᠮᠲᠤ ᠪᠠᠷ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠪᠠ᠃      1 ᠰᠠᠷ᠎ᠠ ᠶᠢᠨ 11 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠯᠢ ᠶᠣᠣ ᠵᠢᠶᠧ ᠵᠡᠷᠭᠡ ᠲᠥᠪ ᠤᠨ ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ᠪᠡᠭᠡᠵᠢᠩ ᠦᠪᠦᠷ ᠮᠣᠩᠭᠤᠯ ᠤᠨ ᠬᠠᠮᠵᠢᠯᠴᠠᠬᠤ ᠺᠠᠳ᠋ᠷᠴᠤᠳ ᠤᠨ 6 ᠲᠥᠯᠥᠭᠡᠯᠡᠭᠴᠢ ᠶᠢ ᠡᠷᠭᠢᠨ ᠦᠵᠡᠵᠦ ᠲᠣᠬᠤᠨᠢᠭᠤᠯᠪᠠ᠃ ᠠᠶᠢᠮᠠᠭ ᠤᠨ ᠠᠵᠢᠯᠴᠢᠨ ᠤ ᠡᠪᠯᠡᠯ ᠤᠨ ᠳᠡᠳ᠋ ᠲᠡᠷᠢᠭᠦᠯᠡᠭᠴᠢ ᠢᠦᠶ ᠯᠢ ᠯᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠯᠢᠦ ᠢᠦᠶ ᠪᠥᠸᠧ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠪᠠ᠃     1 ᠰᠠᠷ᠎ᠠ ᠶᠢᠨ 11 ᠤ ᠡᠳᠦᠷ — 1 ᠰᠠᠷ᠎ᠠ ᠶᠢᠨ 13 ᠤ ᠡᠳᠦᠷ᠂ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠬᠠᠶ ᠵᠢᠶᠠᠨ ᠴᠢ ᠂ ᠠᠶᠢᠮᠠᠭ ᠤᠨ ᠡᠪᠯᠡᠯ ᠤᠨ ᠨᠠᠮ ᠤᠨ ᠬᠤᠷᠢᠶ᠎ᠠ ᠶᠢᠨ ᠳᠡᠳ᠋ ᠱᠦᠵᠢ ᠯᠢ ᠵᠢᠩ ᠢ ᠨᠡᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠲᠣᠮᠢᠯᠠᠨ ᠰᠠᠭᠤᠯᠭᠠᠭᠰᠠᠨ ᠲᠥᠪ ᠤᠨ ᠪᠠᠶᠢᠭᠤᠯᠭ᠎ᠠ ᠨᠢᠭᠡᠴᠢ ᠠᠴᠠ ᠴᠡᠭ ᠲᠣᠭᠲᠠᠭᠠᠨ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠬᠠᠪᠰᠤᠷᠤᠨ ᠲᠡᠳᠬᠦᠬᠦ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠶᠢᠨ ᠪᠠᠶᠢᠭᠤᠯᠭ᠎ᠠ ᠨᠢᠭᠡᠴᠢ ᠠᠴᠠ ᠬᠠᠪᠰᠤᠷᠤᠨ ᠲᠡᠳᠬᠦᠬᠦ ᠺᠠᠳ᠋ᠷ ᠢ ᠪᠣᠯᠭᠤᠭᠠᠨ ᠲᠣᠬᠤᠨᠢᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠬᠠᠮᠲᠤ ᠪᠠᠷ ᠲᠣᠬᠤᠨᠢᠭᠤᠯᠪᠠ᠃      1 ᠰᠠᠷ᠎ᠠ ᠶᠢᠨ 12 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠵᠢᠴᠢ ᠬᠠᠮᠲᠤ ᠶᠢᠨ ᠴᠢᠬᠡᠴᠢ ᠵᠠᠰᠠᠭ ᠤᠨ ᠶᠠᠷᠢᠯᠴᠠᠬᠤ ᠬᠤᠷᠠᠯ ᠬᠢᠪᠡ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠱᠦᠵᠢ ᠰᠦᠨ ᠱᠦ ᠲᠤᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠬᠤᠸᠠᠩ ᠮᠠᠨ ᠯᠢᠶᠠᠩ ᠬᠤᠷᠠᠯ ᠳᠤ ᠣᠷᠣᠯᠴᠠᠵᠠᠶ᠃     1 ᠰᠠᠷ᠎ᠠ ᠶᠢᠨ 14 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2024 ᠣᠨ ᠤ ᠰᠢᠨ᠎ᠡ ᠶᠢᠨ ᠪᠠᠷᠠᠭᠠᠨ ᠤ ᠴᠤᠭᠯᠠᠭ᠎ᠠ ᠰᠢᠩ ᠬᠤᠸᠠ ᠵᠡᠭᠡᠯᠢ ᠳᠤ ᠬᠥᠭᠵᠢᠶᠡᠨ ᠲᠠᠢ ᠶᠠᠪᠤᠭᠳᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠡᠬᠢᠯᠡᠯᠳᠡ ᠶᠢᠨ ᠶᠣᠰᠣᠯᠠᠯ ᠳᠤ ᠣᠷᠣᠯᠴᠠᠪᠠ᠃    1 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠴᠦᠬᠦᠷᠦᠮ ᠡᠪᠡᠰᠦ ᠪᠡᠯᠴᠢᠭᠡᠷ ᠤᠨ ᠠᠮᠢ ᠠᠬᠤᠶ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠲᠥᠷᠥᠯ ᠵᠦᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃     1 ᠰᠠᠷ᠎ᠠ ᠶᠢᠨ 15 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ  ᠶᠢᠨ ᠪᠠᠶᠢᠩᠭᠤ ᠶᠢᠨ ᠬᠤᠷᠢᠶᠠᠨ ᠤ 86 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤᠨ  ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠢᠩ ᠪᠥᠸᠧ ᠵᠢᠴᠢ ᠪᠤᠰᠤᠳ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠬᠤᠷᠠᠯ ᠳᠤ ᠣᠷᠣᠯᠴᠠᠵᠠᠶ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃    1 ᠰᠠᠷ᠎ᠠ ᠶᠢᠨ 15 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠣᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ᠂ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠬᠤᠰᠢᠭᠤᠨ ᠤ ᠡᠪᠯᠡᠯ ᠤᠨ ᠬᠤᠷᠢᠶ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢ ᠠᠬᠢᠭᠤᠯᠬᠤ ᠨᠡᠶᠢᠭᠡᠮᠯᠢᠭ ᠠᠴᠠ ᠬᠠᠮᠲᠤᠷᠠᠨ ᠡᠷᠭᠢᠯᠡᠭᠰᠡᠨ 2024 ᠣᠨ ᠤ ︽ᠠᠨᠠᠷ ᠤᠨ ᠦᠷ᠎ᠡ︾ ᠪᠠᠭ᠎ᠠ ᠬᠢᠴᠢᠶᠡᠯ ᠤᠨ ᠲᠠᠩᠬᠢᠮ ᠤᠨ ᠵᠠᠯᠠᠭᠤᠴᠤᠳ ᠪᠠᠭᠠᠴᠤᠳ ᠤᠨ ᠨᠣᠮ ᠤᠩᠰᠢᠬᠤ ᠬᠤᠷᠠᠯ ᠬᠢᠩᠭᠠᠨ ᠤ ᠪᠡᠭᠡᠵᠢᠩ ᠨᠡᠶᠢᠭᠡᠮ ᠲᠣᠭᠤᠷᠢᠭ ᠲᠤ ᠡᠬᠢᠯᠡᠪᠡ᠃     1 ᠰᠠᠷ᠎ᠠ ᠶᠢᠨ 17 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2024 ᠣᠨ ᠤ ᠦᠩᠭᠡᠳᠦ ᠳ᠋ᠧᠩ ᠤᠨ ᠦᠵᠡᠰᠭᠦᠯᠡᠩ ᠵᠠᠰᠠᠭᠳᠤ ᠴᠡᠴᠡᠷᠯᠢᠭ ᠲᠤ ᠦᠪᠡᠳᠡᠭᠰᠢ ᠶᠡᠬᠡᠪᠡᠷ ᠡᠬᠢᠯᠡᠪᠡ᠃ ᠠᠶᠢᠮᠠᠭ ᠤᠨ ᠵᠠᠬᠢᠷᠭ᠎ᠠ ᠶᠢᠨ ᠳᠠᠳ᠋ ᠳᠠᠷᠤᠭ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠳᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠦᠩ ᠱᠠᠨ᠂ ᠬᠤᠰᠢᠭᠤᠨ ᠤ ᠨᠠᠮ ᠤᠨ ᠬᠤᠷᠢᠶᠠᠨ ᠤ ᠳᠠᠳ᠋ ᠱᠦᠵᠢ᠂ ᠤᠯᠤᠰ ᠳᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠢᠩ ᠪᠥᠸᠧ ᠵᠢᠴᠢ ᠬᠡᠰᠡᠭ ᠭᠠᠵᠠᠷ ᠤᠨ ᠳᠡᠰ ᠤᠨ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    1 ᠰᠠᠷ᠎ᠠ ᠶᠢᠨ 17 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠶᠢ ᠳᠠᠭᠠᠭᠤᠯᠤᠨ ︽ᠵᠢᠷᠭᠤᠭᠠᠨ ᠢᠨᠵᠧᠨᠧᠷᠢᠩ︾ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠢᠩ ᠪᠥᠸᠧ ᠵᠢᠴᠢ ᠬᠡᠰᠡᠭ ᠭᠠᠵᠠᠷ ᠤᠨ ᠲᠠᠰ ᠤᠨ ᠤᠳᠤᠷᠢᠳᠤᠯᠭ᠎ᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    1 ᠰᠠᠷ᠎ᠠ ᠶᠢᠨ 17 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠪᠦᠬᠦ ᠭᠡᠰᠢᠭᠦᠳ ᠤᠨ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠢ ᠬᠤᠷᠠᠯᠳᠤᠭᠤᠯᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ︽ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠬᠠᠷᠢᠭᠤᠯᠠᠵᠤ ᠡᠷᠡᠮᠡᠬᠡᠶᠢᠯᠡᠨ ᠤᠷᠤᠭᠰᠢᠯᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ ᠭᠡᠬᠦ ᠰᠡᠳᠦᠪ ᠢᠶᠠᠷ ᠮᠡᠳᠡᠭᠦᠯᠦᠯᠲᠡ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠡᠨᠡ ᠵᠢᠯ ᠤᠨ ᠠᠵᠤ ᠠᠬᠤᠶ ᠶᠢᠨ ᠠᠵᠢᠯ ᠳᠤ ᠪᠣᠳᠠᠲᠠᠶ ᠪᠠᠶᠢᠷᠢᠯᠠᠭᠤᠯᠤᠯᠲᠠ ᠬᠢᠪᠠ᠃    1 ᠰᠠᠷ᠎ᠠ ᠶᠢᠨ 18 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ︽ᠵᠢᠷᠭᠤᠭᠠᠨ ᠪᠡᠭᠡᠵᠢᠩ ᠠᠴᠠ ᠬᠠᠪᠰᠤᠷᠬᠤ ᠲᠥᠷᠥᠯ ᠵᠦᠢᠯ︾ ᠢ ᠳᠣᠭᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠵᠢᠴᠢ ᠬᠤᠪᠢᠳᠠᠨ ᠬᠠᠮᠢᠶᠠᠷᠴᠤ ᠪᠠᠶᠢᠭ᠎ᠠ ᠬᠤᠰᠢᠭᠤᠨ ᠲᠠᠰ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃    1 ᠰᠠᠷ᠎ᠠ ᠶᠢᠨ 18 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠩᠬᠠᠳᠤᠭᠠᠷ ᠬᠤᠭᠤᠴᠠᠭᠠᠨ ᠤ ᠤᠯᠠᠮᠵᠢᠯᠠᠯᠲᠤ ᠴᠠᠭᠠᠨ ᠢᠳᠡᠭᠡᠨ ᠤ ᠠᠵᠢᠯ ᠲᠥᠷᠥᠯ ᠤᠨ ᠨᠡᠶᠢᠭᠡᠮᠯᠢᠭ ᠤᠨ ᠠᠩᠬᠠᠳᠤᠭᠠᠷ ᠤᠳᠠᠭᠠᠨ ᠤ ᠭᠡᠰᠢᠭᠦᠳ ᠤᠨ ᠶᠡᠭᠡ ᠬᠤᠷᠠᠯ ᠢ ᠬᠤᠷᠠᠯᠳᠤᠭᠤᠯᠵᠤ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠹᠦ᠋ ᠱᠧᠩ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃       1 ᠰᠠᠷ᠎ᠠ ᠶᠢᠨ 18 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ 2023 ᠣᠨ ᠤ ᠳ᠋ᠦᠩᠨᠡᠯᠲᠡ ᠶᠢᠨ ᠬᠥᠬᠢᠭᠦᠯᠦᠨ ᠰᠠᠶᠢᠰᠢᠶᠠᠬᠤ ᠬᠤᠷᠠᠯ ᠬᠢᠵᠦ᠂ ᠠᠶᠢᠮᠠᠭ ᠤᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠠᠯᠲᠠᠨᠰᠠᠩ᠂ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠪᠠᠶ ᠲᠢᠶᠧ ᠵᠤᠸᠠᠩ ᠬᠤᠷᠠᠯ ᠳᠤ ᠣᠷᠣᠯᠴᠠᠵᠠᠶ᠃    1 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠥᠴᠢᠳᠦᠭᠡᠷ ᠤᠳᠠᠭᠠᠨ ᠤ ᠬᠤᠷᠠᠯ ᠤᠨ ᠵᠥᠪᠯᠡᠬᠦ ᠰᠡᠳᠦᠪ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃    1 ᠰᠠᠷ᠎ᠠ ᠶᠢᠨ 19 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠤᠨ ᠵᠦᠩ ᠾᠧ ᠬᠤᠢ ᠨᠧᠩ ᠺᠤᠮᠫᠠᠨᠢ ᠬᠠᠮᠳᠤᠷᠠᠨ ᠶᠠᠷᠢᠯᠴᠠᠬᠤ ᠬᠤᠷᠠᠯ ᠬᠢᠪᠡ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ᠂ ᠵᠥᠩ ᠾᠧ ᠬᠤᠢ ᠨᠧᠩ ︵ᠱᠠᠨᠳᠦ᠋ᠩ︶ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠭᠦᠢᠴᠡᠳᠭᠡᠬᠦ ᠬᠡᠷᠡᠭ ᠮᠡᠳᠡᠭᠴᠢ ᠬᠠᠨ ᠯᠢᠨ ᠱᠠᠨ᠂ ᠵᠥᠩ ᠾᠧ ᠬᠤᠢ ᠨᠧᠩ ︵ᠥᠪᠥᠷ ᠮᠣᠩᠭᠤᠯ︶ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ ᠵᠦ ᠱᠣᠤ ᠹᠸᠢ᠂ ᠬᠤᠨᠠᠨ ᠤ ᠴᠧᠨ ᠢᠦᠶ ᠹᠦ᠋ ᠵᠢᠶ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠵᠧᠤ ᠰᠢᠶᠠᠩ ᠳ᠋ᠦᠩ ᠶᠠᠷᠢᠯᠴᠠᠬᠤ ᠬᠤᠷᠠᠯ ᠳᠤ ᠣᠷᠣᠯᠴᠠᠪᠠ᠃    1 ᠰᠠᠷ᠎ᠠ ᠶᠢᠨ 19 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠸᠠᠩ ᠵᠢᠶᠠ ᠪᠦᠸᠧ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠭᠡᠰᠢᠭᠦᠳ ᠬᠤᠷᠠᠯ ᠳᠤ ᠤᠷᠤᠯᠴᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠵᠢᠶᠦ᠋ᠨ ᠢᠦᠶ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠰᠦᠨ ᠵᠢᠶ ᠬᠤᠶ᠂ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠬᠥᠮᠦᠰ ᠬᠤᠷᠠᠯ ᠳᠤ ᠰᠤᠯᠠ ᠣᠷᠣᠯᠴᠠᠪᠠ᠃1 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠷ᠎ᠠ ᠪᠤᠷᠴᠠᠭ ᠪᠣᠯᠪᠠᠰᠤᠷᠠᠭᠤᠯᠬᠤ ᠣᠷᠴᠢᠯ ᠠᠵᠤ ᠠᠬᠤᠶ ᠶᠢᠨ ᠣᠳᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ᠂ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃    1 ᠰᠠᠷ᠎ᠠ ᠶᠢᠨ 22 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠪᠥᠬᠦ ᠬᠤᠰᠢᠭᠤᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠴᠢᠨᠠᠷ ᠰᠠᠶᠢᠲᠠᠶ ᠶᠡᠷᠦᠩᠬᠡᠶᠢᠯᠡᠨ ᠨᠡᠭᠡᠭᠡᠨ ᠠᠰᠢᠭᠯᠠᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠠᠵᠤ ᠠᠬᠤᠶᠢᠯᠠᠯ ᠤᠨ ᠬᠠᠮᠢᠶ᠎ᠠ ᠪᠥᠬᠦᠶ ᠬᠥᠮᠦᠰ ᠬᠤᠷᠠᠯ ᠳᠤ ᠣᠷᠣᠯᠴᠠᠵᠠᠶ᠃    1 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠠᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠪᠦᠯ ᠤᠨ ᠤᠯᠠᠷᠢᠯ ᠤᠨ ᠳᠤᠯᠠᠭᠠᠯᠭ᠎ᠠ ᠶᠢᠨ ᠠᠵᠢᠯ ᠤᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠠᠨ ᠬᠤᠷᠠᠯᠳᠤᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠠᠵᠤ ᠠᠬᠤᠶᠢᠯᠠᠯ ᠤᠨ ᠬᠠᠮᠢᠶ᠎ᠠ ᠪᠥᠬᠦᠶ ᠬᠥᠮᠦᠰ ᠬᠤᠷᠠᠯ ᠳᠤ ᠣᠷᠣᠯᠴᠠᠵᠠᠶ᠃     1 ᠰᠠᠷ᠎ᠠ ᠶᠢᠨ 22 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2024 ᠣᠨ ᠤ ᠭᠤᠤᠯᠳᠠᠯᠭ᠎ᠠ ᠲᠠᠢ ᠲᠥᠷᠥᠯ ᠵᠦᠢᠯ ᠢ ᠲᠥᠯᠥᠪᠵᠢᠭᠦᠯᠬᠦ ᠪᠠ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠠᠷᠢᠭᠤ ᠮᠡᠳᠡᠭᠦᠯᠦᠯᠲᠡ ᠶᠢᠨ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃    1 ᠰᠠᠷ᠎ᠠ ᠶᠢᠨ 23 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ EOD ᠮᠢᠩᠭ᠎ᠠ ᠲᠦᠮᠡ  ᠶᠢᠨ ᠮᠢᠬᠠᠨ ᠬᠤᠨᠢᠨ ᠤ ᠠᠮᠢ ᠠᠬᠤᠶ ᠶᠢᠨ ᠠᠵᠤ ᠦᠢᠯᠡᠰ ᠤᠨ ᠲᠥᠷᠥᠯ ᠵᠦᠢᠯ ᠤᠨ ᠰᠢᠨ᠎ᠡ ᠶᠢ ᠡᠭᠦᠳᠬᠦ ᠵᠠᠭᠪᠤᠷ ᠢ ᠠᠬᠢᠭᠤᠯᠬᠤ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠣᠯᠠᠨ ᠤᠯᠤᠰ ᠤᠨ ᠲᠣᠭᠠᠴᠢᠯᠠᠭᠰᠠᠨ ᠠᠵᠤ ᠠᠬᠤᠶ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠯᠢ ᠵᠢᠶᠠ᠂ ᠵᠦᠩ ᠱᠠᠩ ᠾᠧᠩ ᠱᠧᠩ ᠪᠦᠯᠦᠭᠯᠡᠯ ᠤᠨ ᠶᠡᠷᠦᠩᠬᠡᠶ ᠳᠠᠭᠠᠭᠠᠮᠠᠯ ᠳ᠋ᠦᠩ ᠰᠢᠨ᠂ ᠳᠤᠮᠳᠠᠳᠤ ᠤᠯᠤᠰ ᠤᠨ ᠲᠡᠮᠦᠷ ᠵᠠᠮ ᠤᠨ ᠺᠣᠮᠫᠠᠨᠢ ᠶᠢᠨ ᠣᠯᠠᠨ ᠤᠯᠤᠰ ᠤᠨ ᠪᠦᠯᠦᠭᠯᠡᠯ ᠤᠨ ᠳᠡᠳ᠋ ᠶᠡᠷᠦᠩᠬᠡᠶ ᠳᠠᠭᠠᠭᠠᠮᠠᠯ ᠵᠠᠩ ᠸᠧᠶ ᠳ᠋ᠦᠩ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠡᠰᠡᠭ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠵᠤ᠂ ᠪᠡᠭᠡᠵᠢᠩ ᠤᠨ ᠱᠦ ᠪᠥᠸᠧ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢᠦ ᠰᠢᠩ ᠲᠦᠩ᠂ ᠴᠢᠩᠬᠤᠸᠠ ᠶᠡᠭᠡ ᠰᠤᠷᠭᠠᠭᠤᠯᠢ ᠶᠢᠨ ᠰᠣᠶᠣᠯ ᠤᠨ ᠭᠠᠷᠤᠯᠲᠠ ᠶᠢᠨ ᠲᠣᠭᠠᠴᠢᠯᠠᠭᠰᠠᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠷᠧᠨ ᠫᠧᠩ ᠰᠦᠯᠵᠢᠶᠡᠨ ᠬᠡᠯᠪᠡᠷᠢ ᠪᠠᠷ ᠬᠤᠷᠠᠯ ᠳᠤ ᠣᠷᠣᠯᠴᠠᠵᠠᠶ᠃    1 ᠰᠠᠷ᠎ᠠ ᠶᠢᠨ 24 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠪᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠬᠤ ᠶᠢᠨ ᠬᠠᠮᠲᠤ ᠵᠢᠭᠠᠨ ᠵᠢᠯᠣᠭᠤᠳᠪᠠ᠃ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠬᠠᠨ ᠬᠠᠶ ᠴᠧᠨ ᠬᠤᠷᠠᠯ ᠳᠤ ᠣᠷᠣᠯᠴᠠᠨ ᠵᠢᠭᠠᠨ ᠵᠢᠯᠣᠭᠤᠳᠤᠭᠰᠠᠨ ᠪᠥᠭᠡᠳ ᠦᠨᠡᠯᠡᠯᠲᠡ ᠬᠢᠵᠦ ᠶᠠᠷᠢᠶ᠎ᠠ ᠲᠠᠯᠪᠢᠪᠠ᠃    1 ᠰᠠᠷ᠎ᠠ ᠶᠢᠨ 24 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ 2023 ᠣᠨ ᠤ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠤᠯᠠᠭᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    1 ᠰᠠᠷ᠎ᠠ ᠶᠢᠨ 24 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2024 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠠᠷᠢᠭᠤ ᠮᠡᠳᠡᠭᠦᠯᠦᠯᠲᠡ ᠶᠢᠨ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃    1 ᠰᠠᠷ᠎ᠠ ᠶᠢᠨ 25 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2024 ᠣᠨ ᠤ 1 ᠳ᠋ᠣᠭᠡᠷ ᠰᠠᠷ᠎ᠠ ᠶᠢᠨ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠰᠠᠷ᠎ᠠ ᠶᠢᠨ ᠡᠭᠡᠯᠵᠢᠳᠦ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠢᠩ ᠪᠥᠸᠧ ᠬᠤᠷᠠᠯ ᠢ ᠡᠷᠭᠢᠯᠡᠨ ᠶᠠᠷᠢᠶ᠎ᠠ ᠲᠠᠯᠪᠢᠪᠠ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ᠂ ᠬᠤᠰᠢᠭᠤᠨ ᠤ ᠪᠠᠶᠢᠴᠠᠭᠠᠬᠤ ᠬᠤᠷᠢᠶᠠᠨ ᠤ ᠳᠠᠷᠤᠭ᠎ᠠ᠂ ᠡᠯ᠎ᠡ ᠰᠤᠮᠤ ᠰᠢᠶᠠᠩ ᠪᠠᠯᠭᠠᠰᠤ ︵ᠲᠥᠪ︶ ᠶᠢᠨ ᠭᠤᠤᠯ ᠬᠠᠷᠢᠭᠤᠴᠠᠯᠭᠠᠲᠠᠨ ᠵᠢᠴᠢ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    1 ᠰᠠᠷ᠎ᠠ ᠶᠢᠨ 25 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠴᠡᠪᠡᠷ ᠡᠨᠧᠷᠭᠢ ᠶᠢᠨ ᠳᠤᠯᠠᠭᠠᠯᠠᠭ᠎ᠠ ᠪᠣᠯᠤᠨ ᠴᠠᠬᠢᠯᠭᠠᠨ ᠲᠣᠣᠷ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠠᠬᠢᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠵᠠᠩ ᠵᠢᠶᠦ᠋ᠨ ᠢᠦᠶ ᠵᠢᠴᠢ ᠬᠤᠪᠢᠳᠠᠨ ᠬᠠᠮᠢᠶᠠᠷᠴᠤ ᠪᠥᠬᠦᠶ ᠬᠤᠰᠢᠭᠤᠨ ᠲᠠᠰ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    1 ᠰᠠᠷ᠎ᠠ ᠶᠢᠨ 25 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠠᠶᠤᠯᠭᠦᠢ ᠦᠢᠯᠡᠳᠪᠦᠷᠢᠯᠡᠯ ᠤᠨ ᠲᠤᠬᠢᠷᠠᠭᠤᠯᠭ᠎ᠠ ᠶᠢᠨ ᠬᠤᠷᠠᠯ ᠢ ᠪᠠᠴᠢᠮ ᠬᠤᠷᠠᠯᠳᠤᠭᠤᠯᠵᠤ᠂ ᠲᠠᠷᠤᠶᠢᠬᠠᠨ ᠤᠯᠤᠰ᠂ ᠤᠷᠤᠨ᠂ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠬᠤᠷᠠᠯ ᠳᠤ ᠣᠷᠣᠯᠴᠠᠬᠤ ᠶᠢᠨ ᠬᠠᠮᠲᠤ ᠠᠶᠤᠯᠭᠦᠶ ᠦᠢᠯᠡᠳᠪᠤᠷᠢᠯᠡᠯ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠤ᠂ ᠡᠯ᠎ᠡ ᠰᠤᠮᠤ ᠰᠢᠶᠠᠩ ᠪᠠᠯᠭᠠᠰᠤ ᠶᠢᠨ ᠬᠠᠷᠢᠭᠤᠴᠠᠯᠭᠠᠲᠠᠳ ᠸᠢᠳᠢᠤ᠋ ᠬᠡᠯᠪᠡᠷᠢ ᠪᠠᠷ ᠬᠤᠷᠠᠯ ᠳᠤ ᠣᠷᠣᠯᠴᠠᠵᠠᠶ᠃    1 ᠰᠠᠷ᠎ᠠ ᠶᠢᠨ 25 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2024 ᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠢᠩ ᠪᠥᠸᠧ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠹᠠᠩ ᠢᠦᠶ ᠼᠦᠨ ᠬᠤᠷᠠᠯ ᠳᠤ ᠣᠷᠣᠯᠴᠠᠵᠤ᠂ ᠡᠯ᠎ᠡ ᠰᠤᠮᠤ ᠰᠢᠶᠠᠩ ᠪᠠᠯᠭᠠᠰᠤ ︵ᠲᠥᠪ︶᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     1 ᠰᠠᠷ᠎ᠠ ᠶᠢᠨ 25 ᠤ ᠡᠳᠦᠷ᠂ ᠱᠧᠦ ᠯᠢᠦᠢ ᠪᠦᠯᠦᠭᠯᠡᠯ ᠤᠨ ᠨᠠᠷᠠᠲᠤ ᠲᠡᠮᠳᠡᠭ ᠬᠢᠭᠡᠳ ᠬᠠᠮᠵᠢᠯᠴᠠᠨ ᠬᠥᠭᠵᠢᠭᠦᠯᠬᠦ ᠬᠡᠯᠳᠡᠰ ᠤᠨ ᠳᠠᠷᠤᠭ᠎ᠠ ᠸᠠᠩ ᠵᠢᠶᠦ᠋ᠨ ᠫᠧᠩ᠂ ᠢᠯᠢ ᠪᠦᠯᠦᠭᠯᠡᠯ ᠤᠨ ᠳᠡᠳ᠋ ᠶᠡᠷᠦᠩᠬᠡᠶ ᠵᠠᠬᠢᠷᠤᠯ ᠰᠢᠤᠢ ᠺᠧ᠂ ᠵᠢᠩ ᠱᠢ ᠰᠣᠶᠣᠯ ᠵᠢᠭᠤᠯᠴᠢᠯᠠᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠴᠢᠤᠸᠠᠨ ᠸᠧᠨ ᠪᠢᠩ ᠵᠡᠷᠭᠡ ᠬᠥᠮᠦᠰ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠢᠵᠡᠶ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤ᠋ ᠲᠤᠤ᠂ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠤᠯᠠᠭᠠᠨᠭᠡᠷᠡᠯ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠶᠣᠣ ᠵᠢᠶᠧ ᠬᠤᠷᠠᠯ ᠳᠤ ᠣᠷᠣᠯᠴᠠᠵᠠᠶ᠃     1 ᠰᠠᠷ᠎ᠠ ᠶᠢᠨ 26 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠸᠧᠶ ᠶᠧ ᠽᠢ ᠪᠧᠨ ᠱᠧᠨ ᠨᠧᠩ ᠪᠦᠯᠦᠭᠯᠡᠯ ᠲᠠᠢ ᠶᠠᠷᠢᠯᠴᠠᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠶᠠᠷᠢᠯᠴᠠᠬᠤ ᠬᠤᠷᠠᠯ ᠳᠤ ᠣᠷᠣᠯᠴᠠᠵᠠᠶ᠃    1 ᠰᠠᠷ᠎ᠠ ᠶᠢᠨ 27 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ︽ᠳᠥᠷᠪᠡᠨ ᠥᠬᠡᠶ ᠬᠤᠶᠠᠷ ᠰᠢᠭᠤᠳ︾ ᠬᠡᠯᠪᠡᠷᠢ ᠪᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠡᠰᠡᠭ ᠬᠤᠳᠠᠯᠳᠤᠭᠠᠨ ᠤ ᠪᠠ ᠣᠷᠣᠨ ᠰᠠᠭᠤᠴᠠ ᠶᠢ ᠨᠢᠭᠡ ᠴᠤᠭᠴᠠᠵᠢᠭᠤᠯᠤᠭᠰᠠᠨ ᠬᠡᠷ ᠪᠠᠶᠢᠰᠢᠩ ᠪᠣᠯᠤᠨ ᠰᠠᠭᠤᠭᠠᠯᠢ ᠠᠷᠠᠳ ᠤᠨ ᠲᠣᠭᠤᠷᠢᠭ ᠢᠶᠠᠷ ᠬᠦᠷᠴᠦ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ ᠨᠢᠭᠤᠴᠠ ᠪᠠᠷ ᠰᠤᠷᠪᠤᠯᠵᠢᠯᠠᠨ ᠱᠠᠯᠠᠪᠳᠠᠭᠤᠯᠤᠨ ᠪᠠᠶᠢᠴᠠᠭᠠᠪᠠ᠃ ᠠᠶᠢᠮᠠᠭ ᠤᠨ ᠵᠠᠬᠢᠷᠭ᠎ᠠ ᠶᠢᠨ ᠨᠠᠷᠢᠨ ᠪᠢᠴᠢᠭ ᠤᠨ ᠳᠡᠳ᠋ ᠳᠠᠷᠤᠭ᠎ᠠ ᠱᠣᠤ ᠯᠢᠦ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠰᠤ᠋ ᠹᠧᠩ ᠵᠢᠶᠤᠤ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠠᠮᠲᠤ ᠪᠠᠷ ᠪᠠᠶᠢᠴᠠᠭᠠᠪᠠ᠃    1 ᠰᠠᠷ᠎ᠠ ᠶᠢᠨ 27 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ︽ᠳᠥᠷᠪᠡᠨ ᠥᠬᠡᠶ ᠬᠤᠶᠠᠷ ᠰᠢᠭᠤᠳ︾ ᠬᠡᠯᠪᠡᠷᠢ ᠪᠠᠷ ᠬᠤᠷᠴᠢᠨ ᠪᠠᠯᠭᠠᠰᠤᠨ ᠤ ︽ᠶᠢᠰᠦᠨ ᠪᠠᠭ᠎ᠠ ᠲᠠᠯᠠᠪᠤᠷ︾ ᠪᠠ ᠬᠥᠮᠦᠨ ᠬᠠᠷ᠎ᠠ ᠤᠯᠠᠨ ᠴᠤᠭᠯᠠᠷᠠᠬᠤ ᠲᠠᠯᠠᠪᠤᠷ ᠢᠶᠠᠷ ᠬᠦᠷᠴᠦ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ ᠨᠢᠭᠤᠴᠠ ᠪᠠᠷ ᠪᠠᠶᠢᠴᠠᠭᠠᠪᠡ ᠃ ᠠᠶᠢᠮᠠᠭ ᠤᠨ ᠵᠠᠬᠢᠷᠭ᠎ᠠ ᠶᠢᠨ ᠨᠠᠷᠢᠨ ᠪᠢᠴᠢᠭ ᠤᠨ ᠳᠡᠳ᠋ ᠳᠠᠷᠤᠭ᠎ᠠ ᠱᠣᠤ ᠯᠢᠦ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠰᠣ᠋  ᠹᠧᠩ ᠵᠢᠶᠤᠤ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠠᠮᠲᠤ ᠪᠠᠷ ᠪᠠᠶᠢᠴᠠᠭᠠᠪᠠ᠃     1 ᠰᠠᠷ᠎ᠠ ᠶᠢᠨ 27 ᠤ ᠡᠳᠦᠷ᠂ ᠳᠤᠮᠳᠠᠳᠤ ᠤᠯᠤᠰ ᠤᠨ ᠨᠠᠰᠤᠲᠠᠶᠢᠴᠤᠳ ᠤᠨ ᠨᠡᠶᠢᠭᠡᠮᠯᠢᠭ ᠤᠨ ᠨᠠᠰᠤᠲᠠᠶᠢᠴᠤᠳ ᠤᠨ ᠮᠡᠳᠡᠭᠡ ᠵᠠᠩᠭᠢ ᠶᠢᠨ ᠲᠥᠪ ᠪᠣᠯᠤᠨ ᠵᠠᠰᠠᠭ ᠤᠨ ᠤᠷᠳᠤᠨ ᠬᠠᠮᠲᠤᠷᠠᠨ ᠡᠷᠡᠭᠦᠯᠵᠢᠯ ᠢ ᠨᠢᠭᠡ ᠴᠤᠭᠴᠠᠵᠢᠭᠤᠯᠬᠤ ᠲᠤᠷᠰᠢᠯᠲᠠ ᠶᠢᠨ ᠲᠥᠷᠥᠯ ᠵᠦᠢᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠳᠤᠮᠳᠠᠳᠤ ᠤᠯᠤᠰ ᠤᠨ ᠨᠠᠰᠤᠲᠠᠶᠢᠴᠤᠳ ᠤᠨ ᠨᠡᠶᠢᠭᠡᠮᠯᠢᠭ ᠤᠨ ᠨᠠᠰᠤᠲᠠᠶᠢᠴᠤᠳ ᠤᠨ ᠴᠢᠳᠠᠪᠤᠷᠢᠲᠠᠨ ᠤ ᠲᠥᠪ ᠤᠨ ᠡᠷᠬᠢᠯᠡᠭᠴᠢ ᠯᠢ ᠸᠧᠶ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠯᠢ ᠶᠣᠣ ᠵᠢᠶᠧ ᠨᠡᠷ ᠬᠤᠷᠠᠯ ᠳᠤ ᠣᠷᠣᠯᠴᠠᠵᠠᠶ᠃    1 ᠰᠠᠷ᠎ᠠ ᠶᠢᠨ 28 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠵᠢᠴᠢ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃    1 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠭᠤᠴᠢᠨ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠤᠨ ᠵᠥᠪᠯᠡᠬᠦ ᠰᠡᠳᠦᠪ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠪᠦᠷᠢᠯᠳᠦᠬᠦᠨ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     1 ᠰᠠᠷ᠎ᠠ ᠶᠢᠨ 29 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠤᠨ ᠠᠨᠾᠦ᠋ᠢ ᠮᠤᠵᠢ ᠶᠢᠨ ᠲᠢᠶᠠᠨ ᠰᠢᠶᠠᠩ ᠪᠦᠯᠦᠭᠯᠡᠯ ᠶᠠᠷᠢᠯᠴᠠᠬᠤ ᠬᠤᠷᠠᠯ ᠬᠢᠵᠦ᠂ ᠬᠠᠮᠲᠤᠷᠠᠨ ᠠᠵᠢᠯᠯᠠᠬᠤ ᠰᠠᠨᠠᠯ ᠨᠢᠭᠡᠳᠦᠭᠰᠡᠨ ᠪᠥᠭᠡᠳ ᠠᠯᠪᠠᠨ ᠶᠣᠰᠣᠭᠠᠷ ᠭᠡᠷ᠎ᠡ ᠲᠣᠭᠲᠠᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠣ᠋ ᠲᠤᠤ᠂ ᠲᠢᠶᠠᠨ ᠰᠢᠶᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠺᠦᠩ ᠯᠢᠩ ᠹᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ ᠨᠠᠷ ᠶᠠᠷᠢᠯᠴᠠᠬᠤ ᠬᠤᠷᠠᠯ ᠳᠤ ᠣᠷᠣᠯᠴᠠᠵᠠᠶ᠃     1 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠵᠠᠩ ᠵᠢᠶᠦ᠋ᠨ ᠢᠦᠶ ᠨᠡᠳᠦᠭᠡᠷ ᠪᠠᠯᠭᠠᠰᠤᠨ ᠤ ᠵᠢᠩ ᠶᠠᠩ ᠲᠣᠰᠬᠤᠨ ᠢᠶᠠᠷ ᠭᠦᠨᠵᠡᠭᠡᠶᠢᠷᠡᠵᠦ᠂ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠭᠰᠠᠨ ᠠᠬᠠᠮᠠᠳ ᠴᠡᠷᠢᠭ ᠶᠢᠨ ᠶᠦᠨ ᠵᠠᠩ ᠢ ᠪᠣᠯᠭᠤᠭᠠᠨ ᠲᠣᠬᠤᠨᠢᠭᠤᠯᠪᠠ᠃     1 ᠰᠠᠷ᠎ᠠ ᠶᠢᠨ 30 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠣ᠋ ᠲᠤᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 88 ᠳ᠋ᠣᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠢᠩ ᠪᠥᠸᠧ ᠵᠢᠴᠢ ᠪᠤᠰᠤᠳ ᠪᠠᠶᠢᠩᠭᠤ ᠶᠢᠨ ᠬᠤᠷᠢᠶ᠎ᠠ ᠶᠢᠨ ᠬᠡᠰᠢᠬᠦᠨ ᠬᠤᠷᠠᠯ ᠳᠤ ᠣᠷᠣᠯᠴᠠᠵᠠᠶ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠵᠢᠴᠢ ᠬᠠᠮᠢᠶ᠎ᠠ ᠪᠥᠬᠦᠶ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃    1 ᠰᠠᠷ᠎ᠠ ᠶᠢᠨ 31 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠶᠢ ᠳᠠᠭᠠᠭᠤᠯᠤᠨ ᠠᠵᠤ ᠠᠬᠤᠶᠢᠯᠠᠯ ᠤᠨ ᠠᠶᠤᠯᠭᠦᠶ ᠦᠢᠯᠡᠳᠪᠤᠷᠢᠯᠡᠯ ᠤᠨ ᠠᠵᠢᠯ ᠢ ᠱᠠᠯᠠᠪᠳᠠᠭᠤᠯᠤᠨ ᠪᠠᠶᠢᠴᠠᠭᠠᠬᠤ ᠶᠢᠨ ᠬᠠᠮᠲᠤ ᠴᠠᠭᠠᠨ ᠰᠠᠷ᠎ᠠ ᠠᠴᠠ ᠡᠮᠦᠨᠡᠬᠢ ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠢᠩ ᠪᠥᠸᠧ᠂ ᠬᠠᠮᠢᠶ᠎ᠠ ᠪᠥᠬᠦᠶ ᠬᠤᠰᠢᠭᠤᠨ ᠲᠠᠰ ᠤᠨ ᠤᠳᠤᠷᠢᠳᠤᠯᠭ᠎ᠠ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠠᠵᠢᠯᠯᠠᠭ᠎ᠠ ᠳᠤ ᠣᠷᠣᠯᠴᠠᠵᠠᠶ᠃    1 ᠰᠠᠷ᠎ᠠ ᠶᠢᠨ 31 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠶᠠᠳᠠᠭᠤ ᠬᠦᠴᠢᠷᠳᠡᠯᠲᠡᠢ ᠺᠠᠳ᠋ᠷ ᠤᠯᠠᠨ ᠲᠦᠮᠡᠨ᠂ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠭᠰᠠᠨ ᠠᠬᠠᠮᠠᠳ ᠴᠡᠷᠢᠭ ᠪᠣᠯᠤᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠢ ᠲᠣᠬᠤᠨᠢᠭᠤᠯᠪᠠ᠃    1 ᠰᠠᠷ᠎ᠠ ᠶᠢᠨ 31 ᠤ ᠡᠳᠦᠷ — 2 ᠰᠠᠷ᠎ᠠ ᠶᠢᠨ 1 ᠤ ᠡᠳᠦᠷ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠬᠤᠸᠠᠩ ᠮᠠᠨ ᠯᠢᠶᠠᠩ  ᠪᠦᠯᠬᠦᠮ ᠳᠠᠭᠠᠭᠤᠯᠤᠨ ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠪᠣᠯᠤᠨ ᠨᠡᠳᠦᠭᠡᠷ ᠪᠠᠯᠭᠠᠰᠤᠨ ᠤ ᠬᠡᠰᠡᠭ ᠬᠦᠴᠢᠷᠳᠡᠯ ᠲᠠᠢ ᠣᠯᠠᠨ ᠲᠦᠮᠡᠨ ᠤ ᠭᠡᠷ  ᠢᠶᠠᠷ ᠬᠦᠷᠴᠦ᠂ ᠴᠠᠭᠠᠨ ᠰᠠᠷ᠎ᠠ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃    2 ᠰᠠᠷ᠎ᠠ ᠶᠢᠨ 1 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠱᠠᠯᠢᠭ ᠵᠠᠪᠠᠭ᠋ᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠰᠢᠭᠤᠨ ᠤ ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ᠂ ᠬᠠᠷᠢᠶᠠᠨ ᠳᠠᠬᠢ ᠬᠡᠪᠯᠡᠭᠳᠡᠬᠦᠨ ᠤ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠪᠣᠯᠤᠨ ᠬᠡᠪᠯᠡᠯ ᠤᠨ ᠠᠵᠢᠯ ᠲᠥᠷᠥᠯ ᠢᠶᠠᠷ ᠭᠦᠨᠵᠡᠭᠡᠶᠢᠷᠡᠵᠦ᠂ ᠭᠠᠯ ᠰᠡᠷᠭᠡᠶᠢᠯᠡᠵᠦ ᠤᠨᠳᠠᠷᠠᠭᠠᠬᠤ ᠠᠮᠤᠷ ᠲᠦᠪᠰᠢᠨ ᠤ ︽ᠬᠤᠶᠠᠷ ᠢ ᠲᠥᠪᠯᠡᠷᠡᠭᠦᠯᠬᠦ︾ ᠲᠤᠰᠬᠠᠶ ᠠᠵᠢᠯᠯᠠᠭ᠎ᠠ ᠵᠢᠴᠢ ᠠᠮᠤᠷ ᠲᠦᠪᠰᠢᠨ ᠤ ᠳᠠᠯᠳᠠ ᠭᠡᠮ ᠢ ᠶᠡᠭᠡ ᠪᠠᠷ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃     2 ᠰᠠᠷ᠎ᠠ ᠶᠢᠨ 1 ᠤ ᠡᠳᠦᠷ — 2 ᠰᠠᠷ᠎ᠠ ᠶᠢᠨ 7 ᠤ ᠡᠳᠦᠷ ᠪᠤᠯᠳᠠᠯ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠠ ᠪᠥᠸᠧ ᠤᠷᠢᠳ ᠬᠤᠵᠢᠳ ᠳᠡᠪᠰᠡᠭ ᠪᠠᠯᠭᠠᠰᠤ᠂ ᠮᠠᠨᠵᠦᠲ᠋ᠦ᠋ᠨ ᠤ ᠮᠠᠨᠵᠤ ᠦᠨᠳᠦᠰᠦᠲᠡᠨ ᠤ ᠰᠢᠶᠠᠩ᠂ ᠬᠤᠰᠢᠭᠤᠨ ᠤ ᠶᠡᠷᠦᠩᠬᠡᠶᠢᠯᠡᠭᠰᠡᠨ ᠨᠡᠶᠢᠭᠡᠮ ᠤᠨ ᠠᠰᠠᠷᠠᠮᠵᠢ ᠶᠢᠨ ᠲᠥᠪ ᠪᠣᠯᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠢᠶᠠᠷ ᠭᠦᠨᠵᠡᠭᠡᠶᠢᠷᠡᠵᠦ᠂ ᠴᠠᠭᠠᠨ ᠰᠠᠷ᠎ᠠ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠡᠢ᠃    2 ᠰᠠᠷ᠎ᠠ ᠶᠢᠨ 2 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠠᠷᠠᠰᠤᠨ ᠪᠠᠯᠭᠠᠰᠤᠨ ᠤ ᠮᠦᠰᠤᠨᠳᠠᠯᠠᠢ ᠦᠵᠡᠮᠵᠢ ᠶᠢᠨ ᠣᠷᠣᠨ ᠤ ᠮᠥᠰᠥᠨ ᠳᠡᠭᠡᠷᠡᠬᠢ ᠴᠤᠭᠯᠠᠭᠠᠨ ᠦᠪᠡᠳᠡᠭᠰᠢ ᠶᠡᠭᠡ ᠪᠠᠷ ᠡᠬᠢᠯᠡᠪᠡ᠃ ᠬᠤᠰᠢᠭᠤᠨ ᠤ ᠳᠣᠲᠣᠨ᠎ᠠ ᠭᠠᠳᠠᠨᠠᠬᠢ ᠬᠡᠳᠦᠨ ᠮᠢᠩᠭᠠᠨ ᠵᠢᠭᠤᠯᠴᠢᠯᠠᠭᠴᠢ ᠴᠠᠷᠠᠰᠤᠨ ᠴᠦᠬᠦᠷᠦᠮ ᠳᠤ ᠴᠤᠭᠯᠠᠷᠠᠨ ᠡᠪᠦᠯ ᠤᠨ ᠦᠵᠡᠮᠵᠢ ᠶᠢ ᠰᠣᠨᠢᠷᠬᠠᠵᠤ᠂ ᠮᠥᠰᠥ ᠴᠠᠰᠤᠨ ᠤ ᠨᠠᠭᠠᠳᠤᠮ ᠬᠢᠵᠦ᠂ ᠵᠢᠭᠠᠰᠤ ᠠᠩᠨᠠᠬᠤ ᠰᠣᠶᠣᠯ ᠤᠨ ᠷᠢᠳᠢ ᠰᠢᠳᠢ ᠶᠢ ᠬᠠᠮᠲᠤ ᠪᠠᠷ ᠰᠣᠨᠢᠷᠬᠠᠨ᠂ ᠮᠥᠰᠥ ᠴᠠᠰᠤᠨ ᠤ ᠦᠪᠡᠳᠡᠭᠰᠢ ᠨᠠᠶᠢᠷ ᠢ ᠬᠠᠮᠲᠤ ᠪᠠᠷ ᠡᠳ᠋ᠯᠡᠪᠠ᠃ 2 ᠰᠠᠷ᠎ᠠ ᠶᠢᠨ 4 ᠤ ᠡᠳᠦᠷ — 2 ᠰᠠᠷ᠎ᠠ ᠶᠢᠨ 6 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠨᠠᠰᠤᠨ ᠤ ᠠᠮᠠᠷᠠᠯᠲᠠ ᠪᠠᠨ ᠠᠪᠤᠭᠰᠠᠨ ᠠᠬᠠᠮᠠᠳ ᠺᠠᠳ᠋ᠷᠴᠤᠳ ᠤᠨ ᠭᠡᠷ ᠵᠢᠴᠢ ᠤᠰᠤ ᠬᠠᠩᠭᠠᠬᠤ᠂ ᠴᠠᠬᠢᠯᠭᠠᠨ ᠬᠠᠩᠭᠠᠬᠤ᠂ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠢᠶᠠᠷ ᠬᠦᠷᠴᠦ᠂ ᠴᠠᠭᠠᠨ ᠰᠠᠷ᠎ᠠ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃     2 ᠰᠠᠷ᠎ᠠ ᠶᠢᠨ 5 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠣ᠋ ᠲᠤᠤ ᠬᠢᠩᠭᠠᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠬᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨᠠᠨ ᠬᠠᠮᠢᠶᠠᠷᠬᠤ ᠶᠡᠭᠡ ᠠᠩᠬᠢ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠶᠡᠭᠡ ᠠᠩᠬᠢ ᠶᠢᠨ ᠲᠢᠶᠠᠨ ᠵᠢᠶᠤᠤ ᠬᠠᠷᠠᠭᠤᠯ ᠤᠨ ᠭᠠᠵᠠᠷ ᠳᠠᠬᠢ ᠨᠢᠭᠡᠳᠦᠭᠡᠷ ᠹᠷᠣᠨᠲ ᠤᠨ ᠺᠠᠳ᠋ᠷ ᠴᠠᠭᠳᠠᠭ᠎ᠠ ᠶᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃    2 ᠰᠠᠷ᠎ᠠ ᠶᠢᠨ 5 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠭᠠᠯ ᠰᠡᠷᠭᠡᠶᠢᠯᠡᠬᠦ ᠲᠡᠷᠭᠡ ᠪᠣᠯᠤᠨ ᠭᠠᠯ ᠤᠨᠲᠠᠷᠠᠭᠠᠬᠤ ᠡᠳ᠋ ᠪᠣᠳᠠᠰ ᠢ ᠲᠠᠷᠬᠠᠭᠠᠬᠤ ᠶᠣᠰᠣᠯᠠᠯ ᠶᠠᠪᠤᠭᠤᠯᠪᠠ᠃ ᠶᠣᠰᠣᠯᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ ᠠᠴᠠ 7 ᠣᠶ ᠰᠢᠭᠤᠶ ᠶᠢᠨ ᠲᠠᠯᠠᠪᠠᠶ᠂ 1 ᠤᠯᠤᠰ ᠠᠶᠢᠮᠠᠭ ᠤᠨ ᠵᠠᠭᠠᠭ ᠤᠨ ᠭᠠᠯ ᠰᠡᠷᠭᠡᠶᠢᠯᠡᠬᠦ ᠥᠷᠲᠡᠭᠡ ᠳᠤ ᠭᠠᠯ ᠰᠡᠷᠭᠡᠶᠢᠯᠡᠬᠦ ᠮᠠᠰᠢᠨ ᠲᠡᠷᠭᠡ 9᠂ ᠡᠭᠦᠷᠦᠪᠴᠢ ᠮᠠᠶ᠋ᠢᠭ ᠤᠨ ᠰᠠᠯᠬᠢᠨ ᠬᠦᠴᠦ ᠪᠠᠷ ᠭᠠᠯ ᠤᠨᠲᠠᠷᠠᠭᠠᠬᠤ ᠮᠠᠰᠢᠨ 120᠂ ᠭᠠᠯ ᠰᠡᠷᠭᠡᠶᠢᠯᠡᠵᠦ ᠤᠨᠲᠠᠷᠠᠭᠠᠬᠤ ᠬᠤᠪᠴᠠᠰᠤ 250 ᠢᠵᠢ᠂ 2 ᠨᠤᠮᠧᠷᠳᠤ ᠪᠠᠭᠠᠵᠢ ᠬᠡᠷᠡᠭᠰᠡᠯ ᠢ 150 ᠲᠦᠭᠡᠭᠡᠪᠡ᠃    2 ᠰᠠᠷ᠎ᠠ ᠶᠢᠨ 6 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠢ ᠬᠤᠷᠠᠯᠳᠤᠭᠤᠯᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠸᠠᠩ ᠯᠢ ᠳ᠋ᠦᠩ᠂ ᠸᠠᠩ ᠵᠢᠶᠠ ᠪᠥᠸᠧ᠂ ᠶᠤᠸᠠᠢ ᠰᠥᠩ ᠱᠠᠨ᠂ ᠳ᠋ᠢᠩ ᠪᠥᠸᠧ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠣᠷᠣᠯᠴᠠᠵᠠᠶ᠃   2 ᠰᠠᠷ᠎ᠠ ᠶᠢᠨ 6 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠴᠠᠭᠠᠨ ᠰᠠᠷ᠎ᠠ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠨᠠᠰᠤᠨ ᠤ ᠠᠮᠠᠷᠠᠯᠲᠠ ᠪᠠᠨ ᠠᠪᠤᠭᠰᠠᠨ ᠠᠬᠠᠮᠠᠳ ᠺᠠᠳ᠋ᠷ ᠪᠣᠯᠤᠨ ᠬᠦᠴᠢᠷᠳᠡᠯ ᠲᠠᠢ ᠣᠯᠠᠨ ᠲᠦᠮᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠵᠦᠩᠨᠡᠯ ᠳᠡᠪᠰᠢᠭᠦᠯᠵᠡᠶ᠃   2 ᠰᠠᠷ᠎ᠠ ᠶᠢᠨ 6 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠬᠤᠷᠠᠯ ᠢ ᠡᠷᠬᠢᠯᠡᠵᠤ ᠶᠠᠷᠢᠶ᠎ᠠ ᠲᠠᠯᠪᠢᠪᠠ᠃    2 ᠰᠠᠷ᠎ᠠ ᠶᠢᠨ 6 ᠤ ᠡᠳᠦᠷ — 2 ᠰᠠᠷ᠎ᠠ ᠶᠢᠨ 8 ᠤ ᠡᠳᠦᠷ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠴᠠᠭᠠᠨ ᠰᠠᠷ᠎ᠠ ᠶᠢ ᠤᠭᠲᠤᠬᠤ ᠰᠢᠬᠢᠷ ᠤᠨ ᠴᠤᠭᠯᠠᠭᠠᠨ ᠵᠢᠴᠢ ᠴᠠᠭᠠᠨ ᠰᠠᠷ᠎ᠠ ᠶᠢᠨ ᠪᠠᠷᠠᠭ᠎ᠠ ᠶᠢᠨ ᠴᠤᠭᠯᠠᠭᠠᠨ︾ ᠡᠬᠢᠯᠡᠵᠦ᠂ ᠰᠦᠨ ᠱᠤ᠋ ᠲᠤᠤ᠂ ᠸᠠᠩ ᠵᠢᠶᠠ ᠪᠥᠸᠧ᠂ ᠶᠤᠸᠠᠢ ᠰᠦᠩ ᠱᠠᠨ ᠵᠡᠷᠭᠡ ᠠᠶᠢᠮᠠᠭ ᠬᠤᠰᠢᠭᠤᠨ ᠤ ᠤᠳᠤᠷᠢᠳᠤᠯᠭ᠎ᠠ ᠨᠠᠷ ᠠᠵᠢᠯᠯᠠᠭ᠎ᠠ ᠳᠤ ᠣᠷᠣᠯᠴᠠᠪᠠ᠃    2 ᠰᠠᠷ᠎ᠠ ᠶᠢᠨ 7 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2024 ᠣᠨ ᠤ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠬᠤᠷᠠᠯ ᠳᠤ ᠣᠷᠣᠯᠴᠠᠵᠤ ᠬᠤᠷᠠᠯ ᠡᠷᠭᠢᠯᠡᠪᠡ᠃    2 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2024 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     2 ᠰᠠᠷ᠎ᠠ ᠶᠢᠨ 20 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2024 ᠣᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠤ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠢᠩ ᠪᠥᠸᠧ ᠬᠤᠷᠠᠯ ᠳᠤ ᠣᠷᠣᠯᠴᠠᠪᠠ᠃     2 ᠰᠠᠷ᠎ᠠ ᠶᠢᠨ 21 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2024 ᠣᠨ ᠤ ᠭᠤᠣᠯᠳᠠᠯᠭ᠎ᠠ ᠲᠠᠢ ᠠᠵᠢᠯ ᠤᠨ ᠳᠤᠬᠢᠷᠠᠭᠤᠯᠤᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠨᠠᠮ ᠤᠨ ᠬᠤᠷᠢᠶᠠᠨ ᠤ ᠱᠦᠵᠢ ᠰᠦᠨ ᠱᠣ᠋ ᠲᠤᠤ᠂ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠠ ᠪᠥᠸᠧ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠬᠤᠷᠠᠯ ᠳᠤ ᠣᠷᠣᠯᠴᠠᠵᠠᠶ᠃   2 ᠰᠠᠷ᠎ᠠ ᠶᠢᠨ 27 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠥᠪᠥᠷ ᠮᠣᠩᠭᠤᠯ ᠤᠨ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠲᠠᠢ ᠶᠠᠷᠢᠯᠴᠠᠬᠤ ᠬᠤᠷᠠᠯ ᠬᠢᠪᠡ᠃ ᠥᠪᠥᠷ ᠮᠣᠩᠭᠤᠯ ᠤᠨ ᠤᠰᠤᠨ ᠤ ᠶᠠᠪᠤᠳᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ ᠂ ᠬᠡᠷᠡᠭ ᠮᠡᠳᠡᠭᠴᠢᠳ ᠤᠨ ᠳᠠᠷᠤᠭ᠎ᠠ ᠰᠢ ᠯᠢᠨ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤ᠋ ᠲᠤᠤ᠂ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠷᠤᠭ᠎ᠠ ᠯᠢᠦ ᠬᠠᠶ ᠲᠤᠤ ᠵᠢᠴᠢ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃     2 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠢᠩ ᠪᠥᠸᠧ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠨ ᠬᠤᠷᠠᠯ ᠳᠤ ᠣᠷᠣᠯᠴᠠᠪᠠ᠃      2 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ᠂ ᠯᠢᠦᠢ ᠱᠦᠢ ᠦᠷ᠎ᠡ ᠶᠢᠨ ᠮᠠᠯ ᠦᠷᠡᠵᠢᠭᠦᠯᠬᠦ ᠲᠥᠪ ᠢᠶᠠᠷ ᠭᠦᠨᠵᠡᠭᠡᠶᠢᠷᠡᠨ᠂ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠯᠲᠠ ᠬᠢᠵᠦ᠂ ᠦᠷ᠎ᠡ ᠶᠢᠨ ᠮᠠᠯ ᠦᠷᠡᠵᠢᠭᠦᠯᠬᠦ ᠲᠥᠪ ᠤᠨ ᠮᠠᠯ ᠠᠵᠤ ᠠᠬᠤᠶ ᠶᠢᠨ ᠬᠥᠭᠵᠢᠯᠲᠡ ᠪᠣᠯᠤᠨ ᠮᠠᠯ ᠠᠵᠤ ᠠᠬᠤᠶ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠠᠮᠲᠤ ᠪᠠᠷ ᠪᠠᠶᠢᠴᠠᠭᠠᠨ ᠰᠤᠳᠤᠯᠵᠠᠶ᠃    3 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠶᠢᠨ ᠨᠡᠷ᠎ᠡ ᠳᠤᠷᠠᠳᠤᠭᠳᠠᠭᠴᠢ ᠯᠢᠦ ᠬᠠᠶ ᠲᠤᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠭᠤᠴᠢᠨ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠤᠨ ᠵᠥᠪᠯᠡᠬᠦ ᠰᠡᠳᠦᠪ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠢᠶᠠᠨ ᠤ ᠭᠡᠰᠢᠬᠦᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠡᠯ᠎ᠡ ᠰᠤᠮᠤ ᠰᠢᠶᠠᠩ ᠪᠠᠯᠭᠠᠰᠤ ︵ᠲᠥᠪ︶ ᠶᠢᠨ ᠭᠤᠤᠯ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃    3 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠶᠢᠨ ᠨᠡᠷ᠎ᠡ ᠳᠤᠷᠠᠳᠤᠭᠳᠠᠭᠴᠢ ᠯᠢᠦ ᠬᠠᠶ ᠲᠤᠤ ᠬᠤᠰᠢᠭᠤᠨ ᠤ ᠠᠵᠤ ᠦᠢᠯᠡᠳᠪᠦᠷᠢ ᠶᠢᠨ ᠲᠣᠭᠤᠷᠢᠭ ᠤᠨ ᠭᠤᠣᠯᠳᠠᠯᠭ᠎ᠠ ᠲᠠᠢ ᠠᠵᠤ ᠠᠬᠤᠶᠢᠯᠠᠯ ᠪᠣᠯᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃   3 ᠰᠠᠷ᠎ᠠ ᠶᠢᠨ 4 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠪᠡ᠃   3 ᠰᠠᠷ᠎ᠠ ᠶᠢᠨ 4 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠪᠣᠯᠤᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠪᠠ᠃   3 ᠰᠠᠷ᠎ᠠ ᠶᠢᠨ 6 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠣ᠋ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 93 ᠳ᠋ᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃   3 ᠰᠠᠷ᠎ᠠ ᠶᠢᠨ 9 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2024 ᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠵᠢᠴᠢ ᠰᠤᠷᠭᠠᠨ ᠬᠥᠮᠦᠵᠢᠯ ᠤᠨ ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠬᠤᠷᠠᠯ ᠬᠤᠷᠠᠯᠳᠤᠭᠤᠯᠵᠤ᠂ ᠬᠤᠷᠠᠯ ᠠᠴᠠ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠤᠨ ᠣᠳᠣᠬᠠᠨ ᠤ ᠪᠠᠶᠢᠳᠠᠯ ᠢ ᠭᠦᠨᠵᠡᠭᠡᠶ ᠵᠠᠳᠠᠯᠵᠤ᠂ 2024 ᠣᠨ ᠤ ᠰᠤᠷᠭᠠᠨ ᠬᠥᠮᠦᠵᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ  ᠪᠠᠶᠢᠷᠢᠯᠠᠭᠤᠯᠵᠠᠶ᠃    3 ᠰᠠᠷ᠎ᠠ ᠶᠢᠨ 11 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠤᠳᠠᠭᠠᠨ ᠤ ᠬᠤᠷᠠᠯ ᠬᠤᠷᠴᠢᠨ ᠰᠣᠶᠣᠯ ᠤᠨ ᠲᠥᠪ ᠤᠨ ᠣᠯᠠᠨ ᠴᠢᠳᠠᠮᠵᠢᠳᠤ ᠲᠢᠩᠬᠢᠮ ᠳᠤ ᠡᠬᠢᠯᠡᠪᠡ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠥᠬᠦ ᠬᠤᠰᠢᠭᠤᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠣᠯᠠᠨ ᠲᠦᠮᠡᠨ ᠤ ᠴᠢᠩ ᠰᠡᠳᠬᠢᠯ ᠤᠨ ᠬᠦᠨᠳᠦ ᠨᠠᠶᠢᠳᠠᠯᠭ᠎ᠠ ᠶᠢ ᠡᠪᠦᠷᠯᠡᠨ ᠡᠭᠦᠷᠭᠡ ᠲᠤᠰᠢᠶᠠᠯ ᠢᠶᠠᠨ ᠭᠦᠢᠴᠡᠳᠭᠡᠨ ᠰᠠᠨᠠᠯ ᠵᠥᠪᠯᠡᠯᠭᠡ ᠳᠤᠷᠠᠳᠴᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃     3 ᠰᠠᠷ᠎ᠠ ᠶᠢᠨ 12 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠬᠤᠷᠴᠢᠨ ᠰᠣᠶᠣᠯ ᠤᠨ ᠲᠥᠪ ᠤᠨ ᠣᠯᠠᠨ ᠴᠢᠳᠠᠮᠵᠢᠳᠤ ᠲᠢᠩᠬᠢᠮ ᠳᠤ ᠡᠬᠢᠯᠡᠪᠡ᠃       3 ᠰᠠᠷ᠎ᠠ ᠶᠢᠨ 13 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠤᠳᠠᠭᠠᠨ ᠤ ᠬᠤᠷᠠᠯ ᠡᠯ᠎ᠡ ᠵᠦᠢᠯ ᠤᠨ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠪᠠᠷ ᠪᠡᠶᠡᠯᠡᠬᠦᠯᠵᠦ᠂ ᠬᠤᠷᠴᠢᠨ ᠰᠣᠶᠣᠯ ᠤᠨ ᠲᠥᠪ ᠲᠤ ᠠᠮᠵᠢᠯᠲᠠ ᠲᠠᠢ ᠪᠠᠷ ᠲᠡᠭᠦᠰᠪᠡ᠃    3 ᠰᠠᠷ᠎ᠠ ᠶᠢᠨ 13 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠵᠥᠪᠯᠡᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠶᠢᠨ ᠨᠡᠷ᠎ᠡ ᠳᠤᠷᠠᠳᠤᠭᠳᠠᠬᠴᠢ ᠯᠢᠦ ᠬᠠᠶ ᠲᠤᠤ ᠬᠤᠷᠠᠯ ᠳᠤ ᠣᠷᠣᠯᠴᠠᠵᠠᠶ᠃    3 ᠰᠠᠷ᠎ᠠ ᠶᠢᠨ 14 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠶᠡᠭᠡ ᠬᠤᠷᠠᠯ ᠤᠨ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠪᠠᠷ ᠪᠡᠶᠡᠯᠡᠬᠦᠯᠵᠦ᠂ ᠬᠤᠷᠴᠢᠨ ᠰᠣᠶᠣᠯ ᠤᠨ ᠲᠥᠪ ᠤᠨ ᠣᠯᠠᠨ ᠴᠢᠳᠠᠮᠵᠢᠳᠤ ᠲᠢᠩᠬᠢᠮ ᠳᠤ ᠠᠮᠵᠢᠯᠲᠠ ᠲᠠᠢ ᠪᠠᠷ ᠲᠡᠭᠦᠰᠪᠡ᠃      3 ᠰᠠᠷ᠎ᠠ ᠶᠢᠨ 15 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2024 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠵᠦ ᠴᠡᠷᠢᠭ ᠲᠣᠭᠲᠠᠭᠠᠬᠤ ᠠᠵᠢᠯ ᠤᠨ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠢᠶᠤᠤ ᠱᠧ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ᠂ ᠡᠯ᠎ᠡ ᠪᠦᠷᠢᠯᠳᠦᠬᠦᠨ ᠨᠢᠭᠡᠴᠢ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ︵ᠶᠡᠭᠡ ᠳᠡᠭᠡᠳᠦ ᠰᠤᠷᠭᠠᠭᠤᠯᠢ ᠶᠢᠨ ᠴᠡᠷᠢᠭ ᠡᠯᠰᠡᠬᠦ ᠠᠵᠢᠯ ᠤᠨ ᠥᠷᠲᠡᠭᠡ︶᠂ ᠠᠷᠢᠭᠤᠨ ᠴᠢᠬᠡᠴᠢ ᠪᠠᠷ ᠴᠡᠷᠢᠭ ᠡᠯᠰᠡᠬᠦ ᠬᠢᠨᠠᠯᠲᠠ ᠲᠠᠯᠪᠢᠭᠴᠢ ᠶᠢᠨ ᠲᠥᠯᠥᠭᠡᠯᠡᠭᠴᠢ ᠬᠤᠷᠠᠯ ᠳᠤ ᠣᠷᠣᠯᠴᠠᠪᠠ᠃    3 ᠰᠠᠷ᠎ᠠ ᠶᠢᠨ 15 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠠᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠬᠤᠷᠠᠯ ᠳᠤ ᠣᠷᠣᠯᠴᠠᠪᠠ᠃ 3 ᠰᠠᠷ᠎ᠠ ᠶᠢᠨ 17 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ 2024 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠬᠤᠷᠠᠯ ᠳᠤ ᠣᠷᠣᠯᠴᠠᠪᠠ᠃    3 ᠰᠠᠷ᠎ᠠ ᠶᠢᠨ 17 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠬᠢᠵᠦ᠂ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    3 ᠰᠠᠷ᠎ᠠ ᠶᠢᠨ 17 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠠᠬᠢᠳᠠᠯ ᠰᠤᠷᠪᠤᠯᠵᠢᠯᠠᠯ ᠪᠠ ᠲᠣᠭᠲᠠᠭᠤᠨ ᠢ ᠬᠠᠮᠠᠭᠠᠯᠠᠬᠤ ᠠᠵᠢᠯ ᠢ ᠠᠬᠢᠭᠤᠯᠬᠤ ᠬᠤᠷᠠᠯ ᠬᠢᠵᠦ᠂ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠬᠤᠷᠠᠯ ᠳᠤ ᠣᠷᠣᠯᠴᠠᠵᠠᠶ᠃    3 ᠰᠠᠷ᠎ᠠ ᠶᠢᠨ 17 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠤᠨ ᠬᠤᠤᠯᠢᠩᠭᠤᠤᠯ ᠬᠤᠲᠠ ᠬᠠᠮᠵᠢᠯᠴᠠᠨ ᠬᠥᠭᠵᠢᠭᠦᠯᠬᠦ ᠲᠤᠬᠠᠶ ᠶᠠᠷᠢᠯᠴᠠᠬᠤ ᠬᠤᠷᠠᠯ ᠬᠢᠵᠦ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ᠂ ᠬᠤᠰᠢᠭᠤᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ᠂ ᠲᠦᠩᠯᠢᠶᠣᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠣ ᠵᠢᠶ ᠶᠧ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠬᠠᠶ ᠶᠠᠩ ᠬᠤᠷᠠᠯ ᠳᠤ ᠣᠷᠣᠯᠴᠠᠪᠠ᠃    3 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠭᠤᠴᠢᠨ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠤᠨ ᠵᠥᠪᠯᠡᠬᠦ ᠰᠡᠳᠦᠪ ᠢ ᠡᠷᠬᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃    3 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠥᠴᠢᠨ ᠨᠢᠭᠡᠳᠦᠭᠡᠷ ᠬᠤᠷᠠᠯ ᠤᠨ ᠵᠥᠪᠯᠡᠬᠦ ᠰᠡᠳᠦᠪ ᠢ ᠡᠷᠬᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃3 ᠰᠠᠷ᠎ᠠ ᠶᠢᠨ 19 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠡᠳᠦ ᠮᠠᠯᠵᠢᠯ ᠤᠨ ᠲᠤᠷᠰᠢᠯᠲᠠ ᠶᠢᠨ ᠠᠵᠢᠯ ᠤᠨ ᠪᠠᠶᠢᠴᠠᠭᠠᠯᠲᠠ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠶᠠᠷᠢᠯᠴᠠᠬᠤ ᠬᠤᠷᠠᠯ ᠳᠤ ᠣᠷᠣᠯᠴᠠᠪᠠ᠃    3 ᠰᠠᠷ᠎ᠠ ᠶᠢᠨ 22 ᠤᠨ ᠡᠳᠦᠷ᠂ ᠬᠢᠩᠭᠠᠨ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠢᠯᠡᠰ ᠪᠤᠰᠬᠠᠵᠤ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠳᠤ ᠪᠠᠶᠢᠭᠤᠯᠤᠭᠳᠠᠵᠤ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃    3 ᠰᠠᠷ᠎ᠠ ᠶᠢᠨ 22 ᠤᠨ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠤᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠱᠠᠭᠠᠷᠳᠠᠯᠭ᠎ᠠ ᠶᠢ ᠤᠯᠠᠮᠵᠢᠯᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ 3 ᠰᠠᠷ᠎ᠠ ᠶᠢᠨ 28 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠤᠨ ᠥᠪᠥᠷ ᠮᠣᠩᠭᠤᠯ ᠤᠨ ᠬᠤᠸᠠ ᠳ᠋ᠢᠶᠠᠨ ᠮᠧᠩ ᠳ᠋ᠦᠩ ᠡᠨᠧᠷᠭᠢ ᠶᠢᠨ ᠬᠢᠵᠠᠭᠠᠷᠲᠤ ᠺᠣᠮᠫᠠᠨᠢ 50 ᠲᠦᠮᠡᠨ ᠺᠢᠯᠣᠸᠠᠲ ᠤᠨ ᠰᠠᠯᠬᠢᠨ ᠬᠦᠴᠦᠨ ᠴᠠᠬᠢᠯᠭᠠᠨ ᠢᠶᠠᠷ ᠤᠰᠤᠲᠥ᠋ᠷᠥᠭᠴᠢ᠂ ᠠᠯᠺᠣᠣᠯ ᠢ ᠨᠢᠭᠡ ᠴᠤᠭᠴᠠᠵᠢᠭᠤᠯᠬᠤ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ᠂ ᠥᠪᠥᠷ ᠮᠣᠩᠭᠤᠯ ᠤᠨ ᠬᠤᠸᠠ ᠳ᠋ᠢᠶᠠᠨ ᠮᠧᠩ ᠳ᠋ᠦᠩ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠭᠦᠢᠴᠡᠳᠭᠡᠬᠦ ᠬᠡᠷᠡᠭ ᠮᠡᠳᠡᠭᠴᠢ ᠯᠢ ᠷᠦᠢ ᠵᠡᠷᠭᠡ ᠵᠠᠰᠠᠭ ᠤᠨ ᠤᠷᠳᠤᠨ ᠠᠵᠤ ᠠᠬᠤᠶᠢᠯᠠᠯ ᠤᠨ ᠤᠳᠤᠷᠢᠳᠤᠯᠭ᠎ᠠ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃  3 ᠰᠠᠷ᠎ᠠ ᠶᠢᠨ 29 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠢᠩᠭᠠᠨ ᠠᠶᠢᠮᠠᠭ ᠤᠨ ᠵᠠᠯᠠᠭᠤ ᠠᠵᠤ ᠠᠬᠤᠶᠢᠯᠠᠯᠲᠠᠳ ᠤᠨ ᠨᠡᠶᠢᠭᠡᠮᠯᠢᠭ ᠲᠠᠢ ︽ᠵᠠᠯᠠᠭᠤᠴᠤᠳ ᠤᠨ ᠠᠵᠤ ᠠᠬᠤᠶᠢᠯᠠᠯ ᠤᠨ ᠬᠦᠴᠦᠨ ᠢ ᠨᠢᠭᠲᠠᠷᠠᠭᠤᠯᠵᠤ ᠡᠮᠦᠨᠡᠲᠦ ᠬᠤᠰᠢᠭᠤᠨ ᠤ ᠬᠥᠭᠵᠢᠯᠲᠡ ᠶᠢ ᠬᠠᠮᠲᠤᠪᠠᠷ ᠰᠦᠪᠡᠭᠴᠢᠯᠡᠶ᠎ᠡ︾ ᠭᠡᠬᠦ ᠠᠷᠠᠯᠵᠢᠶᠠᠴᠢᠨ ᠤᠷᠢᠵᠤ ᠪᠠᠯᠠ ᠮᠦᠩᠭᠦ ᠤᠷᠤᠭᠤᠯᠤᠨ ᠠᠪᠴᠢᠷᠠᠬᠤ ᠶᠠᠷᠢᠯᠴᠠᠬᠤ ᠬᠤᠷᠠᠯ ᠬᠢᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠢᠩᠭᠠᠨ ᠠᠶᠢᠮᠠᠭ ᠤᠨ ᠬᠤᠷᠢᠶ᠎ᠠ ᠶᠢᠨ ᠱᠦᠵᠢ ᠺᠠᠩ ᠬᠤᠩ ᠪᠥᠸᠧ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠢᠩ ᠪᠥᠸᠧ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ᠂ ᠠᠶᠢᠮᠠᠭ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠬᠢᠩᠭᠠᠨ ᠠᠶᠢᠮᠠᠭ ᠤᠨ ᠵᠠᠯᠠᠭᠤ ᠠᠵᠤ ᠠᠬᠤᠶᠢᠯᠠᠯᠲᠠᠳ ᠤᠨ ᠨᠡᠶᠢᠭᠡᠮᠯᠢᠭ ᠤᠨ ᠭᠡᠰᠢᠭᠦᠳ ᠬᠠᠮᠲᠤ ᠪᠠᠷ ᠬᠤᠷᠠᠯ ᠳᠤ ᠣᠷᠣᠯᠴᠠᠵᠠᠶ᠃    3 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠭᠤᠴᠢᠨ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠤᠨ ᠵᠥᠪᠯᠡᠬᠦ ᠰᠡᠳᠦᠪ ᠢ ᠡᠷᠬᠢᠯᠡᠨ ᠬᠤᠷᠠᠯᠳᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠭᠡᠰᠢᠬᠦᠨ ᠬᠤᠷᠠᠯ ᠳᠤ ᠣᠷᠣᠯᠴᠠᠵᠠᠶ᠃    3 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠥᠴᠢᠨ ᠬᠤᠶᠠᠳᠤᠭᠠᠷ ᠤᠳᠠᠭᠠᠨ ᠤ ᠬᠤᠷᠠᠯ ᠤᠨ ᠵᠥᠪᠯᠡᠬᠦ ᠰᠡᠳᠦᠪ ᠢ ᠡᠷᠬᠢᠯᠡᠨ ᠬᠤᠷᠠᠯᠳᠤᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠡᠰᠡᠭ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    3 ᠰᠠᠷ᠎ᠠ ᠶᠢᠨ 29 ᠤ ᠡᠳᠦᠷ᠂ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ︽ᠤᠯᠠᠨ ᠠᠷᠭ᠎ᠠ ᠵᠠᠮ ᠢᠶᠠᠷ ᠠᠵᠢᠯ ᠤᠨ ᠪᠠᠶᠢᠷᠢ ᠣᠯᠭᠤᠬᠤ︾ ᠲᠤᠰᠬᠠᠶ ᠠᠵᠢᠯᠲᠠᠨ ᠡᠯᠰᠡᠬᠦ ᠬᠤᠷᠠᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠤᠷᠠᠯᠳᠤᠪᠠ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠶᠢᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠴᠧᠨ ᠬᠤᠩ ᠬᠤᠸᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠳᠡᠳ᠋ ᠳᠠᠷᠤᠭ᠎ᠠ ᠯᠢ ᠶᠣᠣ ᠵᠢᠶᠧ ᠵᠡᠷᠭᠡ ᠠᠶᠢᠮᠠᠭ ᠬᠤᠰᠢᠭᠤᠨ ᠤ ᠤᠳᠤᠷᠢᠳᠤᠯᠭ᠎ᠠ ᠣᠷᠣᠯᠴᠠᠪᠠ᠃    3 ᠰᠠᠷ᠎ᠠ ᠶᠢᠨ 31 ᠤ ᠡᠳᠦᠷ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠵᠥᠪᠯᠡᠯ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠠᠵᠢᠯ ᠤᠨ ᠤᠳᠤᠷᠢᠳᠬᠤ ᠳᠤᠭᠤᠶᠢᠯᠠᠩ ᠠᠩᠬᠠᠳᠤᠭᠠᠷ ᠤᠳᠠᠭᠠᠨ ᠤ ᠬᠤᠷᠠᠯ ᠬᠢᠵᠦ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠬᠤᠷᠠᠯ ᠳᠤ ᠣᠷᠣᠯᠴᠠᠪᠠ᠂ ᠬᠤᠷᠠᠯ ᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠠ ᠪᠥᠸᠧ ᠡᠷᠬᠢᠯᠡᠪᠡ᠃    3 ᠰᠠᠷ᠎ᠠ ᠶᠢᠨ 31 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠣ᠋ ᠲᠤᠤ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠢᠩ ᠪᠥᠸᠧ ᠵᠢᠴᠢ ᠪᠤᠰᠤᠳ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃    3 ᠰᠠᠷ᠎ᠠ ᠶᠢᠨ 31 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠣ᠋ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 96 ᠳ᠋ᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠨᠠᠷ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号