ᠫᠤᠤᠵᠢᠩ ᠤᠨ ᠲᠦᠷᠦᠯ ᠢ ᠤᠷᠳᠤ ᠬᠤᠭᠤᠴᠠᠭ᠎ᠠ ᠪᠠᠷ ᠵᠢᠵᠢᠭᠯᠡᠨ ᠬᠤᠳᠠᠯᠳᠤᠬᠤ ᠶᠢ ᠬᠢᠨᠠᠨ ᠵᠥᠪᠰᠢᠶᠡᠷᠡᠬᠦ ᠠᠵᠢᠯ ᠢ ᠲᠥᠯᠬᠢᠨ ᠠᠬᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/3/28
        ᠡᠯ᠎ᠡ ᠰᠤᠮᠤ ᠰᠢᠶᠠᠩ ᠪᠠᠯᠭᠠᠰᠤ ᠶᠢᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠲᠤ᠄    ᠫᠤᠤᠵᠢᠩ ᠤᠨ ᠲᠦᠷᠦᠯ ᠢ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠰᠤᠳᠤᠯᠤᠭᠠᠳ᠂ ᠪᠥᠬᠦ ᠬᠤᠰᠢᠭᠤᠨ ᠤ ᠬᠡᠪᠴᠢᠶᠡᠨ ᠳᠤ ᠫᠤᠤᠵᠢᠩ ᠤᠨ ᠲᠦᠷᠦᠯ ᠢ ᠣᠷᠳᠣ ᠬᠤᠭᠤᠴᠠᠭᠠᠨ ᠤ ᠵᠢᠵᠢᠭᠯᠡᠨ ᠬᠤᠳᠠᠯᠳᠤᠬᠤ ᠳᠡᠯᠭᠡᠭᠦᠷ ᠤᠨ ᠬᠢᠨᠠᠨ ᠵᠥᠪᠰᠢᠶᠡᠷᠡᠬᠦ ᠠᠵᠢᠯ ᠢ ᠳᠥᠯᠭᠢᠨ ᠠᠬᠢᠭᠤᠯᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠵᠦᠢ ᠵᠣᠬᠢᠰᠲᠠᠶ ᠪᠠᠷ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ ᠵᠢᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠲᠠ ᠶᠢᠨ ᠲᠣᠭᠤᠷᠢᠭ ᠨᠢ ᠪᠣᠳᠠᠲᠠᠶ ᠲᠠᠢ ᠪᠠᠨ ᠤᠶᠠᠯᠳᠤᠭᠤᠯᠤᠨ᠂ ᠣᠷᠳᠣ ᠬᠤᠭᠤᠴᠠᠭᠠᠨ ᠤ ᠵᠢᠵᠢᠭᠯᠡᠨ ᠬᠤᠳᠠᠯᠳᠤᠬᠤ ᠳᠡᠯᠭᠡᠭᠦᠷ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠬᠤ ᠬᠡᠷᠡᠭᠲᠡᠶ᠃ 2025 ᠣᠨ ᠠᠴᠠ ᠡᠬᠢᠯᠡᠨ᠂ ᠡᠯ᠎ᠡ ᠰᠤᠮᠤ ᠰᠢᠶᠠᠩ ᠪᠠᠯᠭᠠᠰᠤᠨ ᠳᠤ ᠵᠥᠪᠬᠡᠨ ᠣᠷᠳᠣ ᠬᠤᠭᠤᠴᠠᠭᠠᠨ ᠤ ᠵᠢᠵᠢᠭᠯᠡᠨ ᠬᠤᠳᠠᠯᠳᠤᠬᠤ ᠳᠡᠯᠭᠡᠭᠦᠷ ᠭᠠᠷᠭᠠᠵᠤ᠂ ᠣᠬᠤᠷ ᠬᠤᠭᠤᠴᠠᠭᠠᠨ ᠤ ᠵᠢᠵᠢᠭᠯᠡᠨ ᠬᠤᠳᠠᠯᠳᠤᠬᠤ ᠴᠡᠭ ᠢ ᠳᠠᠭᠢᠵᠤ ᠬᠢᠨᠠᠨ ᠵᠥᠪᠰᠢᠶᠡᠷᠡᠬᠦ ᠥᠬᠡᠶ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠲᠠ ᠶᠢᠨ ᠲᠣᠭᠤᠷᠢᠭ ᠤᠨ ᠬᠢᠨ ᠴᠠᠭᠠᠨ ᠰᠠᠷ᠎ᠠ ᠶᠢᠨ ᠬᠤᠭᠤᠴᠠᠭᠠᠨ ᠳᠤ ᠬᠡᠷᠡᠭᠴᠡᠭᠡ ᠪᠠᠨ ᠦᠨᠳᠦᠰᠦᠯᠡᠨ ᠬᠡᠰᠡᠭ ᠣᠬᠤᠷ ᠬᠤᠭᠤᠴᠠᠭᠠᠨ ᠤ ᠵᠢᠵᠢᠭᠯᠡᠨ ᠬᠤᠳᠠᠯᠳᠤᠬᠤ ᠴᠡᠭ ᠢ ᠬᠢᠨᠠᠨ ᠵᠥᠪᠰᠢᠶᠡᠷᠡᠵᠦ ᠪᠤᠯᠤᠨ᠎ᠠ᠃    ᠬᠤᠶᠠᠷ᠂ ᠪᠣᠭᠤᠮᠲᠠ ᠶᠢ ᠴᠢᠩᠭᠠᠳᠬᠠᠵᠤ᠂ ᠱᠠᠳᠤ ᠱᠠᠳᠤ ᠪᠠᠷ ᠬᠢᠨᠠᠨ ᠪᠠᠶᠢᠴᠠᠭᠠᠬᠤ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ ᠶᠢᠨ ᠣᠷᠳᠣ ᠬᠤᠭᠤᠴᠠᠭᠠᠨ ᠤ ᠵᠢᠵᠢᠭᠯᠡᠨ ᠬᠤᠳᠠᠯᠳᠤᠬᠤ ᠳᠡᠯᠭᠡᠭᠦᠷ ᠡᠵᠡᠩᠨᠡᠬᠦ ᠪᠠᠷ ᠭᠤᠶᠤᠴᠢᠯᠠᠭᠴᠢ ᠨᠢ ᠰᠤᠮᠤ ᠰᠢᠶᠠᠩ ᠪᠠᠯᠭᠠᠰᠤ ᠶᠢᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠲᠤ ᠬᠦᠷᠴᠦ ᠨᠡᠷ᠎ᠡ ᠮᠡᠳᠡᠭᠦᠯᠬᠦ ᠶᠢᠨ ᠬᠠᠮᠲᠤ ᠬᠠᠮᠢᠶ᠎ᠠ ᠪᠥᠬᠦᠶ ᠭᠤᠶᠤᠴᠢᠯᠠᠬᠤ ᠮᠠᠲ᠋ᠧᠷᠢᠶᠠᠯ ᠢᠶᠠᠨ ᠲᠤᠰᠢᠶᠠᠵᠤ᠂ ᠰᠤᠮᠤ ᠰᠢᠶᠠᠩ ᠪᠠᠯᠭᠠᠰᠤ ᠶᠢᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠨᠢ ᠮᠠᠲ᠋ᠧᠷᠢᠶᠠᠯ ᠵᠢᠴᠢ ᠣᠷᠳᠣ ᠬᠤᠭᠤᠴᠠᠭᠠᠨ ᠤ ᠵᠢᠵᠢᠭᠯᠡᠨ ᠬᠤᠳᠠᠯᠳᠤᠬᠤ ᠳᠡᠯᠭᠡᠭᠦᠷ ᠤᠨ ᠠᠮᠤᠷ ᠲᠦᠪᠰᠢᠨ ᠤ ᠣᠷᠴᠢᠨ ᠲᠣᠭᠤᠷᠢᠨ ᠳᠤ ᠠᠩᠬᠠᠨ ᠤ ᠬᠢᠨᠠᠯᠲᠠ ᠬᠢᠬᠦ ᠶᠢᠨ ᠬᠠᠮᠲᠤ ᠠᠩᠬᠠᠨ ᠤ ᠬᠢᠨᠠᠯᠲᠠ ᠶᠢᠨ ᠦᠷ᠎ᠡ ᠳ᠋ᠦᠩ ᠢᠶᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠵᠦ ᠳᠠᠬᠢᠨ ᠬᠢᠨᠠᠭᠤᠯᠵᠤ᠂ ᠬᠢᠷᠢ ᠲᠡᠩᠴᠡᠭᠰᠡᠨ ᠤ ᠳᠠᠷᠠᠭ᠎ᠠ ᠬᠢᠨᠠᠨ ᠵᠥᠪᠰᠢᠶᠡᠷᠡᠨ᠎ᠡ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠲᠠ ᠶᠢᠨ ᠲᠣᠭᠤᠷᠢᠭ ᠤᠨ ᠣᠷᠳᠣ ᠬᠤᠭᠤᠴᠠᠭᠠᠨ ᠤ ᠵᠢᠵᠢᠭᠯᠡᠨ ᠬᠤᠳᠠᠯᠳᠤᠬᠤ ᠳᠡᠯᠭᠡᠭᠦᠷ ᠡᠵᠡᠩᠨᠡᠬᠦ  ᠪᠠᠷ ᠭᠤᠶᠤᠴᠢᠯᠠᠭᠴᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ 310 ᠲᠠᠰᠤᠭ ᠲᠤ ᠬᠦᠷᠴᠦ ᠬᠠᠮᠢᠶ᠎ᠠ ᠪᠥᠬᠦᠶ ᠬᠢᠨᠠᠨ ᠪᠠᠶᠢᠴᠠᠭᠠᠯᠲᠠ ᠬᠢᠨ᠎ᠡ᠃    ᠭᠤᠷᠪᠠ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠷᠬᠡ ᠲᠡᠭᠰᠢ ᠲᠥᠪ ᠭᠤᠣᠯᠴᠢ ᠪᠠᠶᠢᠬᠤ ᠬᠡᠷᠡᠭᠲᠡᠶ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠨᠡᠷ᠎ᠡ ᠮᠡᠳᠡᠭᠦᠯᠬᠦ ᠪᠠ ᠬᠢᠨᠠᠨ ᠬᠠᠷᠭᠤᠭᠤᠯᠬᠤ ᠶᠠᠪᠤᠴᠠ ᠳᠠᠭᠠᠨ ᠫᠤᠤᠵᠢᠩ ᠤᠨ ᠲᠦᠷᠦᠯ ᠤᠨ ᠤᠷᠳᠤ ᠬᠤᠭᠤᠴᠠᠭᠠᠨ ᠤ ᠵᠢᠵᠢᠭᠯᠡᠨ ᠬᠤᠳᠠᠯᠳᠤᠬᠤ ᠳᠡᠯᠭᠡᠭᠦᠷ ᠤᠨ ᠬᠢᠨᠠᠨ ᠵᠥᠪᠰᠢᠶᠡᠷᠡᠬᠦ ᠱᠠᠭᠠᠷᠳᠠᠯᠭ᠎ᠠ  ᠶᠢ ᠴᠢᠩᠭ᠎ᠠ ᠵᠢᠷᠤᠮᠯᠠᠨ ᠬᠢᠨᠠᠨ ᠬᠠᠷᠭᠤᠭᠤᠯᠵᠤ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠬᠦ ᠠᠵᠢᠯᠯᠠᠭ᠎ᠠ ᠶᠢ ᠡᠷᠡᠰ ᠬᠤᠷᠢᠭᠯᠠᠵᠤ᠂ ᠲᠤᠰ ︽ᠮᠡᠳᠡᠭᠳᠡᠯ︾ ᠤᠨ ᠱᠠᠭᠠᠷᠳᠠᠯᠭ᠎ᠠ ᠶᠢ ᠤᠯᠠᠨ ᠨᠡᠶᠢᠳᠡ ᠳᠤ ᠵᠠᠷᠯᠠᠵᠤ᠂ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠪᠠᠶᠢᠯᠭᠠᠵᠤ᠂ ᠲᠤᠰ ᠵᠦᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃                         ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ                      ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶ᠎ᠠ                                   2025 ᠣᠨ ᠤ 2 ᠰᠠᠷ᠎ᠠ ᠶᠢᠨ 24 ᠤ ᠡᠳᠦᠷ    ※ ᠨᠠᠷᠢᠨ ᠠᠭᠤᠯᠭ᠎ᠠ ᠶᠢ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ ᠠᠴᠠ ᠦᠵᠡᠭᠡᠷᠡᠢ︕
 
ᠢᠷᠡᠯᠲᠡ᠄ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号