ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨᠠᠨ ᠪᠣᠳᠣᠬᠤ ᠲᠣᠪᠴᠢᠶ᠎ᠠ
ᠨᠡᠶᠢᠲᠡᠯᠡᠭᠰᠡᠨ ᠴᠠᠭ᠄
2025/3/28
        ᠭᠤᠤᠯ ᠡᠭᠦᠷᠭᠡ ᠬᠠᠷᠢᠭᠤᠴᠠᠯᠭ᠎ᠠ᠄    1. ᠪᠥᠬᠦ ᠬᠤᠰᠢᠭᠤᠨ ᠤ ᠬᠢᠨᠠᠨ ᠪᠤᠳᠤᠬᠤ ᠠᠵᠢᠯ ᠢ ᠭᠤᠤᠯᠯᠠᠨ ᠬᠠᠮᠢᠶᠠᠷᠤᠨ᠎ᠠ᠃ ᠤᠯᠤᠰ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠶ᠂ ᠬᠠᠤᠯᠢ ᠳᠤ ᠨᠡᠶᠢᠴᠡᠬᠦ ᠪᠠ ᠦᠷ᠎ᠡ ᠠᠰᠢᠭ ᠲᠤ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠶᠢ ᠬᠠᠷᠢᠭᠤᠴᠠᠵᠤ᠂ ᠣᠯᠠᠨ ᠨᠡᠶᠢᠲᠡ ᠶᠢᠨ ᠪᠠᠯᠠ ᠮᠥᠩᠭᠦ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠤᠯᠤᠰ ᠤᠨ ᠥᠮᠴᠢᠯᠡᠯᠲᠦ ᠡᠬᠢ ᠪᠠᠶᠠᠯᠢᠭ ᠪᠠ ᠤᠳᠤᠷᠢᠳᠤᠯᠭ᠎ᠠ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠳᠤ ᠬᠢᠨᠠᠨ ᠪᠤᠳᠤᠯᠲᠠ ᠬᠢᠬᠦ ᠶᠢ ᠨᠡᠶᠢᠳᠡᠮ ᠬᠡᠷᠡᠭᠵᠢᠭᠦᠯᠵᠦ᠂ ᠤᠳᠤᠷᠢᠳᠤᠯᠭ᠎ᠠ ᠺᠠᠳ᠋ᠷᠴᠤᠳ ᠤᠨ ︵ᠲᠤᠰᠢᠶᠠᠯ ᠳᠤ ᠪᠠᠶᠢᠭ᠎ᠠ︶ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠲᠤᠰᠢᠶᠠᠯ ᠠᠴᠠ ᠪᠠᠨ ᠰᠠᠯᠭᠠᠬᠤ ᠬᠢᠨᠠᠨ ᠪᠤᠳᠤᠯᠲᠠ ᠬᠢᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠪᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮᠢᠶ᠎ᠠ ᠪᠥᠬᠦᠶ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠥᠷᠳᠡᠨ ᠬᠢᠨᠠᠨ ᠪᠤᠳᠤᠯᠲᠠ ᠬᠢᠨ᠎ᠠ᠃     2. ᠪᠥᠬᠦ ᠬᠤᠰᠢᠭᠤᠨ ᠤ ᠬᠢᠨᠠᠨ ᠪᠤᠳᠤᠯᠲᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ᠎ᠠ᠃     3. ᠬᠤᠰᠢᠭᠤᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠳᠤ ᠣᠨ ᠤ ᠪᠥᠬᠦ ᠬᠤᠰᠢᠭᠤᠨ ᠤ ᠲᠥᠰᠦᠪ ᠢ ᠭᠦᠢᠴᠡᠳᠭᠡᠭᠰᠡᠨ ᠪᠠ ᠪᠤᠰᠤᠳ ᠡᠳ᠋ ᠤᠨ ᠵᠠᠰᠠᠭ ᠤᠨ ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠳᠤᠯᠲᠠ ᠶᠢᠨ ᠮᠡᠳᠡᠭᠦᠯᠦᠯᠲᠡ ᠶᠢ ᠳᠤᠷᠠᠳᠤᠨ᠎ᠠ᠃     4. ᠬᠢᠨᠠᠨ ᠪᠤᠳᠤᠯᠲᠠ ᠶᠢᠨ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠣᠰᠣᠭᠠᠷ ᠪᠠᠶᠢᠴᠠᠭᠠᠵᠤ᠂ ᠬᠢᠨᠠᠨ ᠪᠤᠳᠤᠯᠲᠠ ᠶᠢᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ᠎ᠠ      5. ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠤᠯᠤᠰ ᠤᠨ ᠲᠣᠭᠲᠠᠭᠠᠯ ᠶᠣᠰᠣᠭᠠᠷ ᠬᠤᠰᠢᠭᠤᠨ ᠤ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠢᠨᠠᠨ ᠪᠤᠳᠤᠬᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠨᠠᠮ ᠤᠨ ᠬᠤᠷᠢᠶ᠎ᠠ ᠶᠢᠨ ᠭᠠᠷᠭᠠᠭᠰᠠᠨ ᠬᠠᠮᠢᠶ᠎ᠠ ᠪᠥᠬᠦᠶ ᠬᠢᠨᠠᠨ ᠪᠤᠳᠤᠯᠲᠠ ᠶᠢᠨ ᠮᠡᠳᠡᠭᠦᠯᠦᠯᠲᠡ ᠶᠢ ᠬᠢᠨᠠᠨ ᠪᠠᠶᠢᠴᠠᠭᠠᠨ᠎ᠠ᠃     6. ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨᠠᠨ ᠪᠣᠳᠣᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号