| ᠬᠢᠩᠭᠠᠨ ᠲᠤᠰᠬᠤᠨ ᠪᠤᠯ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠡᠬᠦᠨ ᠤᠷᠤᠨ ᠤ | ᠠᠩᠬᠠᠳᠠᠭᠴᠢ ᠬᠦᠳᠡᠭᠡ ᠲᠤᠰᠬᠤᠨ ᠤ ᠨᠠᠮ ᠤᠨ ᠡᠭᠦᠷ ᠪᠠᠶᠢᠭᠤᠯᠤᠭᠰᠠᠨ ᠰᠠᠭᠤᠷᠢᠨ ᠭᠠᠵᠠᠷ ᠪᠤᠯᠤᠨ᠎ᠠ᠃ 1946 | ᠤᠨ ᠤ 6 ᠰᠠᠷ᠎ᠠ ᠳᠤ ᠲᠤᠮᠳᠠᠳᠤ ᠤᠯᠤᠰ ᠤᠨ ᠡᠪ ᠬᠠᠮᠳᠤ ᠨᠠᠮ ᠤᠨ ᠵᠡᠬᠦᠨ ᠮᠤᠩᠭᠤᠯ ᠤᠨ ᠠᠵᠢᠯᠯᠠᠬᠤ ᠵᠦᠪᠯᠡᠯ | ᠰᠥᠩ ᠵᠧᠨ ᠲᠢᠩ᠂ ᠵᠢᠶᠠᠩ ᠪᠢ ᠷᠧᠨ᠂ ᠫᠠᠨ ᠽᠦ ᠱᠧᠩ ᠨᠠᠷ ᠢ ᠲᠤᠮᠢᠯᠠᠨ ᠤᠯᠠᠨ ᠲᠦᠮᠡᠨ ᠤ ᠤᠬᠠᠭᠤᠯᠤᠯ ᠤᠨ | ᠠᠵᠢᠯ ᠢ ᠬᠢᠯᠭᠡᠪᠡ᠃ ᠳᠡᠳᠡ ᠪᠤᠷᠭᠠᠰᠤᠳᠠᠢ ᠨᠤᠳᠤᠭ ᠲᠤ ᠨᠠᠮ ᠤᠨ ᠠᠵᠢᠯ ᠤᠨ ᠤᠬᠠᠭᠤᠯᠤᠯ ᠬᠢᠵᠦ᠂ ᠠᠩᠬᠠᠳᠤᠭᠠᠷ | ᠤᠳᠠᠭᠠᠨ ᠤ ᠲᠠᠷᠢᠶᠠᠴᠢᠨ ᠨᠠᠮ ᠤᠨ ᠭᠡᠰᠢᠬᠦᠳ ᠢ ᠬᠦᠮᠦᠵᠢᠬᠦᠯᠦᠨ᠂ ᠵᠡᠬᠦᠨ ᠮᠤᠩᠭᠤᠯ ᠤᠨ ᠠᠩᠬᠠᠳᠤᠭᠠᠷ ᠤᠳᠠᠭ᠎ᠠ | ᠶᠢᠨ ᠬᠦᠳᠡᠭᠡ ᠲᠤᠰᠬᠤᠨ ᠤ ᠨᠠᠮ ᠤᠨ ᠡᠭᠦᠷ ᠢ ᠪᠠᠶᠢᠭᠤᠯᠪᠠ᠃ ᠤᠯᠠᠨ ᠲᠦᠮᠡᠨ ᠢ ᠲᠠᠶᠢᠴᠢᠯᠠᠬᠤ ᠠᠵᠢᠯᠯᠠᠭ᠎ᠠ ᠶᠢᠨ | ᠲᠤᠮᠳᠠ ᠭᠠᠵᠠᠷ ᠤᠨ ᠡᠵᠡᠨ᠂ ᠳᠡᠷᠰᠯᠡᠬᠦᠦ ᠳᠡᠭᠡᠷᠡᠮ ᠵᠡᠷᠭᠡ ᠶᠢᠨ ᠵᠡᠪᠰᠡᠭᠳᠦ ᠡᠰᠡᠷᠭᠦᠴᠡᠯ ᠳᠤ ᠤᠴᠠᠷᠠᠵᠤ᠂ ᠵᠢᠶᠠᠩ | ᠪᠢ ᠷᠧᠨ᠂ ᠫᠠᠨ ᠽᠦ ᠱᠧᠩ ᠨᠠᠷ ᠬᠤᠪᠢᠰᠬᠠᠯᠳᠤ ᠦᠢᠯᠡᠰ ᠤᠨ ᠲᠦᠯᠦᠭᠡ ᠪᠡᠶ᠎ᠡ ᠦᠷᠡᠭᠳᠡᠭᠰᠡᠨ ᠪᠠᠶᠢᠨ᠎ᠠ᠃ | ᠲᠤᠮᠳᠠᠳᠤ ᠤᠯᠤᠰ ᠤᠨ ᠡᠪ ᠬᠠᠮᠳᠤ ᠨᠠᠮ ᠤᠨ ᠬᠤᠪᠢᠰᠬᠠᠯᠳᠤ ᠤᠳᠤᠮᠰᠢᠯ ᠢ ᠵᠠᠯᠭᠠᠮᠵᠢᠯᠠᠨ᠂ ᠬᠤᠪᠢᠰᠬᠠᠯ ᠤᠨ | ᠰᠠᠭᠤᠷᠢᠨ ᠭᠠᠵᠠᠷ ᠤᠨ ᠵᠤᠷᠢᠭ ᠰᠠᠨᠠᠭ᠎ᠠ ᠶᠢ ᠪᠠᠳᠠᠷᠠᠭᠤᠯᠬᠤ ᠶᠢᠨ ᠲᠦᠯᠦᠭᠡ ᠦᠪᠦᠷ ᠮᠤᠩᠭᠤᠯ ᠤᠨ ᠵᠡᠬᠦᠨ ᠤᠷᠤᠨ ᠤ | ᠠᠩᠬᠠᠨ ᠤ ᠨᠠᠮ ᠤᠨ ᠡᠭᠦᠷ ᠤᠨ ᠬᠡᠪ ᠳᠠᠭᠤᠷᠢᠶᠠᠯ ᠢ ᠪᠠᠳᠠᠷᠠᠭᠤᠯᠵᠤ᠂ 2006 ᠤᠨ ᠠᠴᠠ ᠡᠬᠢᠯᠡᠨ ᠲᠤᠰᠬᠤᠨ ᠤ | ᠨᠠᠮ ᠤᠨ ᠡᠬᠦᠷ ᠢᠳᠡᠪᠬᠢᠯᠡᠨ ᠴᠢᠷᠮᠠᠶᠢᠵᠤ᠂ ᠳᠡᠭᠡᠳᠦ ᠱᠠᠳᠤᠨ ᠤ ᠳᠡᠮᠵᠢᠯᠭᠡ ᠪᠠᠷ ︽ᠬᠢᠩᠭᠠᠨ ᠲᠤᠰᠬᠤᠨ ᠤ ᠨᠠᠮ ᠤᠨ | ᠡᠬᠦᠷ ᠤᠨ ᠰᠠᠭᠤᠷᠢᠨ ᠭᠠᠵᠠᠷ︾ ᠢ ᠬᠢᠩᠭᠠᠨ ᠠᠶᠢᠮᠠᠭ ᠤᠨ ᠵᠠᠯᠠᠭᠤᠴᠤᠳ ᠪᠠᠭᠠᠴᠤᠳ ᠤᠨ ᠤᠯᠤᠰ ᠢᠶᠠᠨ | ᠬᠠᠶᠢᠷᠠᠯᠠᠬᠤ ᠦᠵᠡᠯ ᠤᠨ ᠰᠤᠷᠭᠠᠨ ᠬᠦᠮᠦᠵᠢᠯ ᠤᠨ ᠰᠠᠭᠤᠷᠢᠨ ᠭᠠᠵᠠᠷ ᠪᠤᠯᠭᠠᠵᠠᠢ᠃ ᠡᠨᠡ ᠨᠢ ᠦᠷᠭᠡᠨ ᠤᠯᠠᠨ ᠨᠠᠮ | ᠤᠨ ᠬᠡᠰᠢᠬᠦᠨ ᠺᠠᠳ᠋ᠷᠴᠣᠳ ᠤᠨ ᠳᠠᠪᠳᠠᠨ ᠪᠤᠯᠪᠠᠰᠤᠷᠠᠬᠤ ᠦᠵᠡᠯ ᠰᠠᠨᠠᠭᠠᠨ ᠤ ᠲᠦᠯᠬᠢᠴᠡ ᠬᠦᠴᠦᠨ ᠪᠤᠯᠵᠤ | ᠴᠢᠳᠠᠵᠠᠢ᠃ | ᠤᠳᠤ ᠡ᠊ᠨᠳᠡ ᠬᠤᠶᠠᠷ ︽ᠲᠤᠷᠠᠰᠬᠠᠯ ᠤᠨ ᠤᠷᠳᠤᠨ︾᠂ ᠬᠤᠶᠠᠷ ︽ᠰᠠᠭᠤᠷᠢᠨ ᠭᠠᠵᠠᠷ ᠤᠨ ᠬᠠᠭᠤᠴᠢᠳ︾ | ᠵᠡᠷᠭᠡ ᠶᠢ ᠪᠠᠶᠢᠭᠤᠯᠤᠨ᠂ ᠲᠤᠭᠤᠷᠢᠨ ᠦᠵᠡᠬᠦ ᠵᠤᠭᠠᠴᠠᠯ ᠤᠨ ᠴᠡᠭ ᠪᠤᠯᠭᠠᠭᠰᠠᠨ ᠪᠠᠶᠢᠨ᠎ᠠ᠃ |