ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠵᠠᠢ
ᠨᠡᠶᠢᠲᠡᠯᠡᠭᠰᠡᠨ ᠴᠠᠭ᠄
2025/3/3
  3 ᠰᠠᠷ᠎ᠠ ᠶᠢᠨ 2 ᠤᠨ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ︽ᠰᠢ ᠶᠢᠨ ᠫᠢᠩ ᠤᠨ ︿ᠬᠦᠳᠡᠭᠡ ᠠᠵᠤ ᠠᠬᠤᠢ ᠬᠥᠳᠡᠭᠡ ᠲᠣᠰᠬᠤᠨ ᠮᠠᠯᠴᠢᠨ ᠲᠠᠷᠢᠶᠠᠴᠢᠨ﹀ ᠤ ᠠᠵᠢᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠤᠬᠠᠶ ᠥᠭᠦᠯᠡᠬᠦ ᠨᠢ︾᠂ 2025 ᠣᠨ ᠤ ᠲᠥᠪ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠵᠢᠴᠢ ᠦᠵᠡᠯ ᠤᠬᠠᠮᠰᠠᠷ ᠤᠨ ᠬᠡᠯᠪᠡᠷᠢ᠂ ᠺᠠᠳ᠋ᠷᠴᠤᠳ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ ᠬᠠᠮᠢᠶ᠎ᠠ ᠪᠥᠬᠦᠶ ᠲᠣᠭᠲᠠᠭᠠᠯ ᠢ ᠤᠯᠠᠮᠵᠢᠯᠠᠨ ᠰᠤᠷᠤᠯᠴᠠᠪᠠ᠃   ᠬᠤᠷᠠᠯ ᠠᠴᠠ᠂ ᠵᠢᠯ ᠤᠨ ᠠᠵᠢᠯ ᠬᠠᠪᠤᠷ ᠲᠠᠭᠠᠨ ᠪᠠᠶᠢᠳᠠᠭ᠂ ᠪᠥᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠥᠪ ᠪᠠ ᠣᠷᠣᠨ᠂ ᠠᠶᠢᠮᠠᠭ᠂ ᠬᠤᠰᠢᠭᠤ ᠳᠥᠷᠪᠡᠨ ᠱᠠᠲᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠷᠥᠯ ᠵᠦᠢᠯ ᠳᠤ ᠣᠷᠣᠯᠴᠠᠨ᠂ ᠪᠠᠯᠠ ᠮᠥᠩᠭᠦ ᠤᠯᠬᠤ ᠪᠠᠷ ᠴᠢᠷᠮᠠᠶᠢᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃  ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠭᠤᠤᠯᠳᠠᠯᠭ᠎ᠠ ᠲᠠᠢ ᠡᠭᠦᠷᠭᠡ ᠶᠢ ᠣᠨᠣᠪᠴᠢᠲᠠᠶ ᠡᠵᠡᠮᠳᠡᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠠᠷᠴᠢᠮ ᠪᠠ ᠠᠷᠭ᠎ᠠ ᠶᠢ ᠣᠨᠣᠪᠴᠢᠲᠠᠶ ᠡᠵᠡᠮᠳᠡᠵᠦ᠂ ᠲᠣᠰ ᠵᠢᠯ ᠤᠨ ᠬᠤᠰᠢᠭᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠢ ᠰᠠᠶᠢᠲᠤᠷ ᠪᠡᠯᠡᠳᠬᠡᠵᠦ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠤᠷᠢᠳᠴᠢᠯᠠᠨ ᠲᠥᠯᠥᠪᠯᠡᠬᠦ ᠬᠡᠷᠡᠭᠲᠡᠶ ᠭᠡᠵᠦ ᠱᠠᠭᠠᠷᠳᠠᠵᠠᠢ᠃    ᠯᠢᠦ ᠬᠠᠶ ᠲᠤᠤ᠂ ᠸᠠᠩ ᠵᠢᠶᠠ ᠪᠥᠸᠧ᠂ ᠶᠤᠸᠠᠢ ᠰᠥᠩ ᠱᠠᠨ᠂ ᠨᠢᠦ ᠶᠤᠸᠠᠨ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠵᠠᠶ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号