ᠤᠯᠤᠰ ᠲᠦᠷᠦ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2025/3/5
    3 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠣᠯᠠᠨ ᠤ ᠠᠩᠬᠠᠷᠤᠯ ᠢ ᠲᠠᠲᠠᠭᠰᠠᠨ ᠤᠯᠤᠰ ᠲᠥᠷᠥ ᠶᠢᠨ ᠵᠥᠪᠯᠡᠯᠭᠡᠨ ᠤ ᠬᠤᠷᠴᠢᠨ  ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠤᠳᠠᠭᠠᠨ ᠤ ᠬᠤᠷᠠᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠰᠣᠶᠣᠯ ᠤᠨ ᠲᠥᠪ ᠤᠨ ᠣᠯᠠᠨ ᠴᠢᠳᠠᠮᠵᠢᠳᠤ ᠲᠢᠩᠬᠢᠮ ᠳᠤ ᠬᠤᠷᠠᠯᠳᠤᠪᠠ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠥᠬᠦ ᠬᠤᠰᠢᠭᠤᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠣᠯᠠᠨ ᠲᠦᠮᠡᠨ ᠢ ᠲᠦᠯᠦᠭᠡᠯᠡᠨ ᠰᠠᠨᠠᠯ ᠵᠥᠪᠯᠡᠯᠭᠡ ᠳᠤᠷᠠᠳᠴᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠡᠢ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠰᠣᠶᠣᠯ ᠤᠨ ᠲᠥᠪ ᠤᠨ ᠤᠯᠠᠨ ᠴᠢᠳᠠᠮᠵᠢᠳᠦ ᠲᠢᠩᠬᠢᠮ ᠳᠤ ᠳ᠋ᠧᠩ ᠤᠨ ᠭᠡᠷᠡᠯ ᠳᠤᠸᠠᠯᠠᠵᠤ᠂ ᠠᠭᠤᠷ ᠠᠮᠢᠰᠬᠤᠯ ᠲᠥᠪ ᠬᠢᠴᠢᠶᠡᠩᠭᠦᠢ ᠪᠥᠭᠡᠳ ᠬᠦᠷ ᠬᠥᠭᠵᠢᠶᠡᠨᠲᠡᠢ ᠪᠠᠶᠢᠵᠤ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯ ᠤᠨ ᠰᠦᠯᠳᠡ ᠲᠡᠷᠢᠭᠦᠯᠡᠭᠴᠢ ᠶᠢᠨ ᠲᠠᠶᠢᠰᠠᠨ ᠤ ᠭᠤᠣᠯ ᠳᠤᠮᠳᠠ ᠡᠯᠭᠦᠭᠳᠡᠵᠦ᠂ ᠬᠤᠷᠴᠠ ᠰᠣᠷᠭᠤᠭ ᠠᠷᠪᠠᠨ ᠤᠯᠠᠭᠠᠨ ᠲᠤᠭ ᠢ ᠬᠤᠶᠠᠷ ᠲᠠᠯ᠎ᠠ ᠪᠠᠷ ᠨᠢ ᠲᠡᠷᠢ ᠳᠡᠭᠰᠢ ᠵᠢᠭᠰᠠᠭᠠᠵᠠᠢ᠃  ᠤᠯᠤᠰ ᠲᠥᠷᠥ ᠶᠢᠨ ᠵᠥᠪᠯᠡᠯᠭᠡᠨ ᠤ ᠬᠤᠷᠢᠶᠠᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠡᠷᠢᠭᠦᠯᠡᠭᠴᠢ ᠶᠤᠸᠠᠢ ᠰᠥᠩ ᠱᠠᠨ᠂ ᠳᠡᠳ᠋ ᠲᠡᠷᠢᠭᠦᠯᠡᠭᠴᠢ ᠴᠧᠨ ᠹᠧᠩ ᠬᠤᠸᠠ᠂ ᠾᠧᠦ ᠬᠠᠶ ᠱᠠᠨ᠂ ᠸᠧᠶ ᠷᠦᠩ ᠱᠧᠩ᠂ ᠳᠡᠳ᠋ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠴᠢ ᠳ᠋ᠦᠩ ᠬᠠᠶ ᠬᠤᠷᠠᠯ ᠳᠤ ᠣᠷᠣᠯᠴᠠᠵᠠᠶ᠃ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ ᠬᠤᠷᠠᠯ ᠳᠤ ᠣᠷᠣᠯᠴᠠᠵᠤ ᠪᠠᠶᠠᠷ ᠬᠦᠷᠭᠡᠬᠦ ᠶᠢᠨ ᠬᠠᠮᠲᠤ ᠶᠠᠷᠢᠶ᠎ᠠ ᠲᠠᠯᠪᠢᠪᠠ᠃ ᠬᠤᠰᠢᠭᠤᠨ ᠤ ᠤᠳᠤᠷᠢᠳᠤᠯᠭ᠎ᠠ ᠯᠢᠦ ᠬᠠᠶ ᠲᠤᠤ᠂ ᠸᠠᠩ ᠵᠢᠶᠠ ᠪᠥᠸᠧ᠂ ᠨᠢᠤ ᠶᠤᠸᠠᠨ ᠵᠡᠷᠭᠡ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ ᠲᠡᠷᠢᠭᠦᠯᠡᠭᠴᠢ ᠶᠢᠨ ᠲᠠᠶᠢᠰᠠᠨ᠎ᠠ ᠰᠠᠭᠠᠲᠠᠪᠠ᠃ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠤᠨ ᠳᠤᠮᠳᠠ ᠬᠥᠰᠢᠭᠡ ᠪᠠᠨ ᠰᠡᠬᠦᠪᠡ᠃ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 260 ᠬᠥᠮᠦᠨ᠂ ᠪᠣᠳᠠᠲᠠᠢ ᠣᠷᠣᠯᠴᠠᠭᠰᠠᠨ ᠭᠡᠰᠢᠭᠦᠨ 207 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠡᠢ᠃    ᠶᠤᠸᠠᠢ ᠰᠥᠩ ᠱᠠᠨ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ︽ᠤᠯᠤᠰ ᠲᠥᠷᠥ ᠶᠢᠨ ᠵᠥᠪᠯᠡᠯᠭᠡᠨ ᠤ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠳᠡ︾ ᠬᠢᠪᠠ᠃  ᠶᠤᠸᠠᠢ ᠰᠦᠩ ᠱᠠᠨ᠂ 2024 ᠣᠨ ᠳᠤ᠂ ᠠᠷᠪᠠᠨ ᠲᠠᠪᠤᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠣᠶᠢᠯᠠᠭᠠᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠦᠨ᠂ ︽ᠲᠠᠪᠤᠨ ᠬᠡᠮᠵᠢᠯᠳᠡ ᠶᠢᠨ ᠤᠯᠤᠰ ᠲᠥᠷᠥ ᠶᠢᠨ ᠵᠥᠪᠯᠡᠯᠭᠡᠨ︾ ᠤ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠤᠨ ᠴᠢᠬᠤᠯᠠ ᠠᠷᠭ᠎ᠠ ᠵᠠᠮ ᠪᠠ ᠲᠤᠰᠬᠠᠶ ᠵᠥᠪᠯᠡᠬᠦ ᠪᠠᠶᠢᠭᠤᠯᠤᠮᠵᠢ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ ᠭᠡᠵᠦ ᠵᠢᠭᠠᠵᠤ ᠭᠠᠷᠭᠠᠪᠠ᠃   2025 ᠣᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠲᠤᠬᠠᠢ ᠶᠤᠸᠠᠢ ᠰᠦᠩ ᠱᠠᠨ᠂ 2025 ᠣᠨ ᠳᠤ᠂ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠬᠤ ᠶᠢᠨ ᠲᠣᠭᠤᠷᠢᠨ ᠳᠤ ︽ᠵᠢᠷᠭᠤᠭᠠᠨ ᠢᠨᠵᠧᠨᠧᠷᠢᠩ︾ ᠢ ᠵᠠᠯᠭᠠᠭ᠎ᠠ ᠪᠠᠷ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ︽ᠲᠠᠪᠤᠨ ᠬᠡᠮᠵᠢᠯᠳᠡ ᠶᠢᠨ ᠤᠯᠤᠰ ᠲᠥᠷᠥ ᠶᠢᠨ ᠵᠥᠪᠯᠡᠯᠭᠡᠨ︾ ᠢ ᠭᠦᠨᠵᠡᠭᠡᠶ ᠪᠥᠲᠥᠭᠡᠨ ᠪᠠᠶᠢᠭᠤᠯᠵᠤ᠂ ᠲᠤᠰᠬᠠᠶ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠳᠤ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠬᠠᠮᠲᠤ ᠶᠢᠨ ᠲᠠᠨᠢᠯᠲᠠ ᠢᠶᠠᠨ ᠨᠢᠭᠲᠠᠷᠠᠭᠤᠯᠵᠤ᠂ ᠣᠶᠤᠨ ᠤᠬᠠᠭᠠᠨ ᠢᠶᠠᠨ ᠨᠢᠭᠲᠠᠷᠠᠭᠤᠯᠵᠤ᠂ ᠬᠦᠴᠦᠨ ᠴᠢᠳᠠᠯ ᠢᠶᠠᠨ ᠨᠢᠭᠲᠠᠷᠠᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃    ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ  ᠱᠦ ᠲᠤᠤ ᠬᠤᠰᠢᠭᠤᠨ ᠤ ᠨᠠᠮ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠤᠯᠤᠰ ᠲᠦᠷᠦ ᠶᠢᠨ ᠵᠥᠪᠯᠡᠯᠭᠡᠨ ᠤ ᠪᠦᠬᠦ ᠭᠡᠰᠢᠭᠦᠳ ᠪᠠ ᠬᠤᠷᠠᠯ ᠳᠤ ᠣᠷᠣᠯᠴᠠᠭᠰᠠᠨ ᠨᠥᠬᠦᠳ ᠲᠤ ᠴᠢᠩ ᠰᠡᠳᠬᠢᠯ ᠤᠨ ᠮᠡᠨᠳᠦᠴᠢᠯᠡᠯ ᠪᠠ ᠰᠠᠶᠢᠨ ᠰᠠᠶᠢᠬᠠᠨ ᠵᠦᠩᠨᠡᠯ ᠢᠶᠠᠨ ᠳᠡᠪᠰᠢᠭᠦᠯᠪᠡ︕    ᠰᠦᠨ ᠱᠦ ᠲᠤᠤ᠂ ᠤᠯᠤᠰ ᠲᠦᠷᠦ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠤᠳᠠᠭᠠᠨ ᠤ ᠬᠤᠷᠠᠯ ᠢ ᠬᠤᠷᠠᠯᠳᠤᠭᠤᠯᠤᠭᠰᠠᠨ ᠶᠠᠪᠤᠳᠠᠯ ᠪᠣᠯ ᠪᠦᠬᠦ ᠬᠤᠰᠢᠭᠤᠨ ᠤ ᠠᠷᠠᠳ ᠲᠦᠮᠡᠨ ᠤ ᠤᠯᠤᠰ ᠲᠦᠷᠦ ᠶᠢᠨ ᠠᠮᠢᠳᠤᠷᠠᠯ ᠳᠠᠬᠢ ᠨᠢᠭᠡᠨ ᠲᠤᠮᠤ ᠶᠠᠪᠤᠳᠠᠯ ᠪᠣᠯᠤᠨ᠎ᠠ᠃ ᠨᠡᠩ ᠴᠤ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠬᠦ᠂ ᠠᠷᠠᠳ ᠢ ᠪᠠᠶᠠᠵᠢᠭᠤᠯᠤᠨ ᠬᠤᠰᠢᠭᠤ ᠪᠠᠨ ᠬᠦᠴᠦᠷᠬᠡᠭᠵᠢᠭᠦᠯᠬᠦ ᠰᠠᠶᠢᠨ ᠪᠣᠳᠣᠯᠭ᠎ᠠ ᠶᠢ ᠬᠠᠮᠲᠤ ᠪᠠᠷ ᠰᠦᠪᠡᠭᠴᠢᠯᠡᠬᠦ‍ ᠨᠢᠭᠡ ᠤᠳᠠᠭᠠᠨ ᠤ ᠦᠪᠡᠳᠡᠭᠰᠢ ᠶᠡᠭᠡ ᠬᠤᠷᠠᠯ ᠪᠣᠯᠤᠨ᠎ᠠ᠂ ᠡᠨᠡ ᠤᠳᠠᠭᠠᠨ ᠤ ᠶᠡᠭᠡ ᠬᠤᠷᠠᠯ ᠢ ᠰᠠᠶᠢᠲᠤᠷ ᠬᠤᠷᠠᠯᠳᠤᠭᠤᠯᠬᠤ ᠨᠢ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠣᠶᠤᠨ ᠤᠬᠠᠭᠠᠨ ᠬᠦᠴᠦᠨ ᠴᠢᠳᠠᠯ ᠢ ᠬᠤᠷᠠᠮᠳᠤᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠭᠡᠵᠦ ᠵᠢᠭᠠᠵᠤ ᠭᠠᠷᠭᠠᠪᠠ᠃    ᠰᠦᠨ ᠱᠦ ᠲᠤᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠠᠭᠠᠭᠤᠯᠭ᠎ᠠ ᠳᠣᠤᠷ᠎ᠠ᠂ ᠥᠩᠭᠡᠷᠡᠭᠰᠡᠨ ᠨᠢᠭᠡ ᠵᠢᠯ ᠳᠤ᠂ ᠪᠥᠬᠦ ᠬᠤᠰᠢᠭᠤᠨ ᠤ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠪᠡ᠃ ᠰᠢᠨ᠎ᠡ ᠨᠢᠭᠡ ᠵᠢᠯ ᠳᠤ᠂ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠪᠠ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢᠳᠡᠪᠬᠢᠲᠡᠢ ︽ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠵᠡᠯᠲᠡ︾ ᠶᠢ ᠪᠤᠢ ᠪᠣᠯᠭᠠᠵᠤ᠂ ᠭᠤᠣᠯᠳᠠᠯᠭ᠎ᠠ ᠶᠢᠨ ᠲᠣᠭᠤᠷᠢᠨ ᠳᠤ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠢᠯᠡ ᠲᠣᠳᠣ ︽ᠠᠷᠠᠳᠴᠢᠯᠠᠯ ᠤᠨ ᠦᠵᠡᠯᠲᠡ︾ ᠶᠢ ᠪᠤᠢ ᠪᠣᠯᠭᠠᠵᠤ᠂ ᠵᠥᠪᠯᠡᠬᠦ ᠠᠷᠠᠳᠴᠢᠯᠠᠯ ᠤᠨ ᠬᠥᠭᠵᠢᠯᠲᠡ ᠶᠢ ᠠᠬᠢᠭᠤᠯᠵᠤ᠂ ᠴᠤ᠋ ᠰᠢᠨ᠎ᠡ ︽ᠲᠦᠷᠢ ᠲᠥᠷᠬᠦ ᠶᠢᠨ ᠦᠵᠡᠯᠲᠡ︾ ᠶᠢ ᠪᠤᠢ ᠪᠣᠯᠭᠠᠵᠤ᠂ ᠤᠯᠤᠰ ᠲᠦᠷᠦ ᠶᠢᠨ ᠵᠥᠪᠯᠡᠯᠭᠡᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠢᠲᠡᠭᠡᠯ ᠵᠣᠷᠢᠭ ᠢᠶᠠᠨ ᠬᠥᠪᠴᠢᠯᠡᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠶᠢ ᠬᠦᠰᠡᠵᠦ ᠪᠠᠶᠢᠨ᠎ᠠ ᠭᠡᠵᠡᠢ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠹᠧᠩ ᠬᠤᠸᠠ ᠶᠡᠭᠡ ᠬᠤᠷᠠᠯ ᠳᠤ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠤᠳᠠᠭᠠᠨ ᠤ ᠬᠤᠷᠠᠯ ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ︾ ᠬᠢᠪᠠ᠃ ᠮᠡᠳᠡᠭᠦᠯᠦᠯᠲᠡ ᠳᠤ᠂ ᠠᠷᠪᠠᠨ ᠲᠠᠪᠤᠳᠤᠭᠠᠷ ᠬᠤᠭᠤᠴᠠᠭᠠᠨ ᠤ ᠤᠯᠤᠰ ᠳᠦᠷᠤ ᠶᠢᠨ ᠵᠦᠪᠯᠡᠯᠭᠡᠨ ᠤ ᠭᠤᠷᠪᠠᠳᠤᠭᠠᠷ ᠣᠳᠠᠭᠠᠨ ᠤ ᠬᠤᠷᠠᠯ ᠠᠴᠠ ᠨᠠᠰᠢ᠂ ᠬᠤᠰᠢᠭᠤᠨ ᠤ ᠤᠯᠤᠰ ᠳᠦᠷᠤ ᠶᠢᠨ ᠵᠦᠪᠯᠡᠯᠭᠡᠨ ᠤ ᠭᠡᠰᠢᠭᠦᠨ᠂ ᠤᠯᠤᠰ ᠳᠦᠷᠤ ᠶᠢᠨ ᠵᠦᠪᠯᠡᠯᠭᠡᠨ ᠳᠤ ᠣᠷᠣᠯᠴᠠᠭᠰᠠᠨ ᠡᠯ᠎ᠡ ᠪᠠᠶᠢᠭᠤᠯᠭ᠎ᠠ ᠨᠢᠭᠡᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠨᠠᠯ ᠳᠤᠷᠠᠳᠤᠯᠭ᠎ᠠ ᠶᠢ ᠢᠳᠡᠪᠬᠢᠲᠡᠶ ᠬᠡᠷᠡᠭᠵᠢᠭᠦᠯᠵᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ ᠪᠠᠶᠢᠨ᠎ᠠ᠃ ᠨᠢᠭᠡ ᠵᠢᠯ ᠤᠨ ᠲᠤᠷᠰᠢ᠂ ᠨᠡᠶᠢᠳᠡ 156 ᠬᠤᠪᠢ ᠰᠠᠨᠠᠯ ᠵᠥᠪᠯᠡᠯᠭᠡ ᠳᠤᠷᠠᠳᠴᠠᠶ᠂ ᠡᠳᠡᠭᠡᠷ ᠰᠠᠨᠠᠯ ᠵᠥᠪᠯᠡᠯᠭᠡ ᠶᠢᠨ ᠵᠥᠪᠯᠡᠬᠦ ᠰᠡᠳᠦᠪ ᠨᠢ ᠥᠷᠭᠡᠨ ᠳᠡᠯᠭᠡᠷ᠂ ᠠᠭᠤᠯᠭ᠎ᠠ ᠪᠠᠷ ᠪᠠᠶᠠᠯᠢᠭ᠂ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠵᠤ᠂ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠦᠪᠯᠡᠯ ᠢᠶᠠᠷ ᠬᠢᠨᠠᠨ ᠪᠠᠶᠢᠴᠠᠭᠠᠯᠭᠠᠭᠰᠠᠨ ᠤ ᠲᠠᠷᠠᠭ᠎ᠠ 149 ᠬᠤᠪᠢ ᠰᠠᠨᠠᠯ ᠵᠥᠪᠯᠡᠯᠭᠡ ᠶᠢ ᠬᠡᠷᠡᠭ ᠪᠣᠯᠭᠠᠨ ᠳᠠᠩᠰᠠᠯᠠᠵᠤ᠂ ᠡᠮᠬᠢᠳᠬᠡᠨ ᠲᠦᠷᠦᠯᠵᠢᠭᠦᠯᠦᠭᠡᠳ ᠲᠠᠪᠤᠨ ᠶᠡᠭᠡ ᠲᠦᠷᠦᠯ ᠳᠤ 127 ᠬᠤᠪᠢ ᠬᠤᠪᠢᠶᠠᠵᠤ᠂ ᠨᠢᠭᠡᠨᠲᠡ ᠪᠦᠬᠦᠨ ᠢ ᠰᠢᠢᠳᠪᠤᠷᠢᠯᠡᠨ ᠬᠠᠷᠢᠭᠤᠯᠲᠠ ᠥᠭᠴᠦ᠂ ᠭᠡᠰᠢᠭᠦᠳ ᠤᠨ ᠰᠡᠳᠬᠢᠯ ᠬᠠᠨᠤᠮᠵᠢᠲᠠᠶ ᠪᠠ ᠦᠨᠳᠦᠰᠦᠨ ᠳᠡᠭᠡᠨ ᠰᠡᠳᠬᠢᠯ ᠬᠠᠨᠤᠮᠵᠢᠲᠠᠶ ᠨᠤᠷᠮ᠎ᠠ ᠨᠢ 100% ᠳᠤ ᠬᠦᠷᠴᠡᠶ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号