| ᠠᠶᠤᠯᠭᠦᠢ ᠦᠢᠯᠡᠳᠪᠦᠷᠢᠯᠡᠯ ᠢ ᠴᠤᠴᠠᠯᠲᠠ ᠦᠭᠡᠢ ᠠᠳᠬᠤᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ | ᠲᠦᠢᠮᠡᠷ ᠢ ᠰᠡᠷᠭᠡᠶᠢᠯᠡᠵᠦ ᠤᠨᠲᠠᠷᠠᠭᠠᠬᠤ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ ᠵᠠᠩᠭᠢᠯᠠᠭ᠎ᠠ ᠶᠢᠨ | ᠬᠤᠭᠤᠴᠠᠭᠠᠨ ᠳᠤ᠂ 3 ᠰᠠᠷ᠎ᠠ ᠶᠢᠨ 3 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ | ᠨᠢᠭᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠶᠠᠳᠤᠭᠠᠷ ᠤᠳᠠᠭ᠎ᠠ ᠶᠢᠨ ᠪᠦᠬᠦᠳᠡ | ᠬᠤᠷᠠᠯ ᠵᠢᠴᠢ 2025 ᠣᠨ ᠤ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ | ᠰᠡᠷᠭᠡᠶᠢᠯᠡᠵᠦ ᠤᠨᠲᠠᠷᠠᠭᠠᠬᠤ ᠠᠵᠢᠯ ᠤᠨ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠤ ᠬᠤᠷᠠᠯ ᠳᠤ ᠣᠷᠣᠯᠴᠠᠵᠠᠢ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ | ᠳᠡᠭᠡᠭᠰᠢᠯᠡᠭᠦᠯᠵᠦ᠂ ᠥᠩᠭᠡᠷᠡᠭᠰᠡᠨ ᠤ ᠠᠶᠤᠯᠭᠦᠢ ᠦᠢᠯᠡᠳᠪᠦᠷᠢᠯᠡᠯ ᠤᠨ ᠡ᠊ᠨᠳᠡᠯ ᠠᠴᠠ ᠭᠦᠨᠵᠡᠭᠡᠢ ᠰᠤᠷᠭᠠᠮᠵᠢ ᠠᠪᠴᠤ᠂ | ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠳᠬᠠᠬᠤ ᠬᠡᠷᠡᠭᠲᠡᠢ᠃ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠱᠠᠭᠠᠷᠳᠠᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠬᠤᠰᠢᠭᠤᠨ | ᠤ ᠠᠶᠤᠯᠭᠦᠶ ᠦᠢᠯᠡᠳᠪᠤᠷᠢᠯᠡᠯ ᠤᠨ ᠵᠥᠪᠯᠡᠯ ᠤᠨ ᠠᠯᠪᠠᠨ ᠬᠡᠷ ᠨᠢᠭᠡᠳᠦᠯᠲᠡᠶ ᠲᠥᠯᠥᠪᠵᠢᠭᠦᠯᠬᠦ ᠠᠵᠢᠯ ᠢ ᠰᠠᠶᠢᠲᠤᠷ | ᠬᠢᠵᠦ᠂ ᠲᠣᠭᠲᠠᠭᠰᠠᠨ ᠴᠠᠭ ᠬᠤᠭᠤᠴᠠᠭ᠎ᠠ ᠪᠠ ᠠᠵᠢᠯ ᠤᠨ ᠱᠠᠭᠠᠷᠳᠠᠯᠭ᠎ᠠ ᠶᠣᠰᠣᠭᠠᠷ᠂ ᠡᠯ᠎ᠡ ᠹᠷᠣᠨᠲ᠂ ᠡᠯ᠎ᠡ | ᠬᠦᠷᠢᠶᠡᠨ ᠳᠠᠬᠢ ᠠᠶᠤᠯᠭᠦᠶ ᠦᠢᠯᠡᠳᠪᠤᠷᠢᠯᠡᠯ ᠤᠨ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠰᠠᠶᠢᠲᠤᠷ | ᠠᠳᠬᠤᠬᠤ ᠬᠡᠷᠡᠭᠲᠡᠶ᠃ ᠮᠥᠰᠥᠨ ᠤ ᠭᠠᠳᠠᠷᠭᠤ ᠶᠢᠨ ᠠᠮᠤᠷ ᠲᠦᠪᠰᠢᠨ᠂ ᠶᠢᠰᠦᠨ ᠪᠠᠭ᠎ᠠ ᠲᠠᠯᠠᠪᠤᠷ᠂ ᠵᠠᠮ | ᠬᠠᠷᠢᠯᠴᠠᠭ᠎ᠠ᠂ ᠬᠤᠲᠠ ᠪᠠᠯᠭᠠᠰᠤ ᠶᠢᠨ ᠰᠢᠲᠠᠮᠠᠬᠠᠶ ᠬᠡᠶ᠂ ᠰᠤᠷᠭᠠᠭᠤᠯᠢ ᠶᠢᠨ ᠬᠦᠷᠢᠶᠡᠨ ᠳᠠᠬᠢ ᠠᠮᠤᠷ ᠲᠦᠪᠰᠢᠨ᠂ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠣᠨᠴᠠ ᠲᠥᠷᠥᠯ ᠤᠨ ᠬᠦᠷᠢᠶ᠎ᠡ ᠴᠠᠷᠠᠭ᠎ᠠ ᠵᠡᠷᠭᠡ ᠳᠤ ᠴᠢᠭᠯᠡᠭᠦᠯᠦᠨ | ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠪᠠᠶᠢᠩᠭᠤᠵᠢᠭᠤᠯᠵᠤ᠂ ᠠᠰᠠᠭᠤᠳᠠᠯ ᠢ ᠢᠯᠡᠷᠡᠭᠦᠯᠬᠦ ᠴᠢᠳᠠᠪᠤᠷᠢ ᠪᠠ ᠬᠢᠷᠢ | ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠵᠢᠭᠰᠠᠭᠠᠨ ᠪᠠᠶᠢᠴᠠᠭᠠᠬᠤ᠂ ᠢᠯᠡᠷᠡᠭᠦᠯᠬᠦ᠂ ᠴᠡᠭᠴᠡᠯᠡᠨ ᠰᠠᠶᠢᠵᠢᠷᠠᠭᠤᠯᠬᠤ᠂ | ᠰᠢᠢᠳᠪᠤᠷᠢᠯᠡᠬᠦ ᠶᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠯ᠎ᠡ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠲᠠᠯᠠᠪᠤᠷ ᠭᠠᠵᠠᠷ ᠲᠠᠬᠢ ᠠᠮᠤᠷ ᠲᠦᠪᠰᠢᠨ ᠤ ᠳᠠᠯᠳᠠ | ᠬᠡᠮ ᠢ ᠵᠢᠭᠰᠠᠭᠠᠨ ᠪᠠᠶᠢᠴᠠᠭᠠᠵᠤ ᠪᠣᠭᠤᠮᠲᠠ ᠰᠢᠪᠲᠤᠯᠬᠤ ᠠᠵᠢᠯ ᠢ ᠰᠠᠶᠢᠲᠤᠷ ᠬᠢᠵᠦ᠂ ᠬᠠᠷᠢᠶ᠎ᠠ ᠭᠠᠵᠠᠷ ᠤᠨ | ᠬᠠᠷᠢᠭᠤᠴᠠᠯᠭ᠎ᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠤ ᠠᠬᠤᠶᠢᠯᠠᠯ ᠤᠨ | ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠤᠷᠢᠯᠡᠯ ᠤᠨ ︽ᠭᠤᠷᠪᠠ ᠶᠢ | ᠬᠠᠮᠢᠶᠠᠷᠬᠤ ᠳᠤ ᠭᠤᠷᠪᠠ ᠶᠢ ᠡᠷᠬᠡᠪᠰᠢ ᠬᠢᠬᠦ︾ ᠶᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠲᠥᠷᠥᠯ ᠤᠨ ᠠᠮᠤᠷ | ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠤᠬᠠᠭᠤᠯᠭ᠎ᠠ ᠶᠢᠨ ᠣᠷᠳᠣ | ᠬᠤᠭᠤᠴᠠᠭᠠᠲᠤ ᠴᠢᠨᠠᠷ᠂ ᠴᠠᠭ ᠬᠤᠭᠤᠴᠠᠭᠠᠲᠤ ᠴᠢᠨᠠᠷ᠂ ᠴᠢᠭᠯᠡᠭᠦᠯᠦᠯᠲᠦ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ | ᠭᠡᠵᠦ ᠱᠠᠭᠠᠷᠳᠠᠪᠠ᠃ | ᠬᠤᠷᠠᠯ ᠠᠴᠠ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠢ | ᠰᠠᠶᠢᠲᠤᠷ ᠬᠢᠬᠦ ᠨᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠭᠦᠯᠬᠦ ᠲᠠᠢ ᠬᠤᠯᠪᠣᠭᠳᠠᠵᠤ᠂ ᠥᠷᠭᠡᠨ ᠤᠯᠠᠨ ᠠᠷᠠᠳ ᠲᠦᠮᠡᠨ ᠤ ᠠᠮᠢ ᠨᠠᠰᠤ ᠡᠳ᠋ | ᠬᠦᠷᠦᠩᠭᠡ ᠶᠢᠨ ᠠᠮᠤᠷ ᠲᠦᠪᠰᠢᠨ ᠲᠠᠢ ᠬᠤᠯᠪᠣᠭᠳᠠᠨ᠎ᠠ᠃ ᠬᠠᠪᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠭᠠᠯ | ᠲᠦᠢᠮᠡᠷ ᠤᠨ ᠭᠠᠮᠰᠢᠭ ᠣᠯᠠᠨ ᠭᠠᠷᠳᠠᠭ ᠤᠯᠠᠷᠢᠯ ᠪᠣᠯᠬᠤᠷ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠤ | ᠤᠨᠲᠠᠷᠠᠭᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ ᠬᠦ | ᠴᠢᠩᠭᠠᠳᠬᠠᠬᠤ ᠬᠡᠷᠡᠭᠲᠡᠶ᠃ ᠰᠡᠷᠭᠡᠶᠢᠯᠡᠬᠦ ᠪᠠᠷ ᠭᠤᠣᠯ ᠪᠣᠯᠭᠠᠵᠤ᠂ ᠡᠰᠢ ᠰᠦᠷᠡᠯ ᠰᠢᠲᠠᠭᠠᠬᠤ ᠵᠢᠴᠢ ᠭᠠᠴᠠᠭ᠎ᠠ | ᠲᠣᠰᠬᠤᠨ ᠤ ᠠᠷᠠᠳ ᠤᠨ ᠭᠠᠯ ᠬᠡᠷᠡᠭᠯᠡᠬᠦ ᠶᠢ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠡᠵᠡᠮᠳᠡᠵᠦ᠂ | ᠭᠤᠣᠯᠳᠠᠯᠭ᠎ᠠ ᠲᠠᠢ ᠴᠠᠭ ᠬᠤᠭᠤᠴᠠᠭᠠᠨ ᠳᠤ ᠣᠷᠣᠨ ᠪᠦᠰᠡ ᠶᠢᠨ ᠰᠡᠷᠭᠡᠶᠢᠯᠡᠯᠲᠡ ᠬᠢᠵᠦ᠂ ᠮᠡᠳᠡᠭᠡ ᠵᠠᠩᠭᠢ ᠶᠢ | ᠬᠠᠮᠲᠤᠪᠠᠷ ᠡᠳ᠋ᠯᠡᠬᠦ ᠪᠠ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠰᠠᠭᠤᠷᠢ ᠲᠦᠬᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠭᠠᠯ ᠰᠡᠷᠭᠡᠶᠢᠯᠡᠵᠦ ᠤᠨᠲᠠᠷᠠᠭᠠᠬᠤ ᠲᠥᠬᠦᠭᠡᠷᠦᠮᠵᠢ ᠶᠢ ᠨᠡᠮᠡᠭᠳᠡᠭᠦᠯᠦᠨ | ᠂ ᠳᠡᠭᠡᠳᠦ ᠱᠠᠲᠤᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠳᠠᠯᠠᠵᠤ᠂ ᠣᠶ ᠰᠢᠭᠤᠶ ᠨᠤᠲᠤᠭ ᠪᠡᠯᠴᠢᠭᠡᠷ ᠤᠨ | ᠭᠠᠯ ᠲᠦᠢᠮᠡᠷ ᠢ ᠰᠡᠷᠭᠡᠶᠢᠯᠡᠵᠤ ᠤᠨᠲᠠᠷᠠᠭᠠᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ | ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠥᠬᠦ ᠬᠤᠰᠢᠭᠤᠨ ᠤ 2024 ᠣᠨ ᠤ ᠠᠶᠤᠯᠭᠦᠶ ᠦᠢᠯᠡᠳᠪᠤᠷᠢᠯᠡᠯ ᠤᠨ ᠠᠵᠢᠯ ᠢ | ᠥᠷᠨᠢᠭᠦᠯᠦᠭᠰᠡᠨ ᠪᠠᠶᠢᠳᠠᠯ ᠵᠢᠴᠢ ᠠᠰᠠᠭᠤᠳᠠᠯ ᠤᠨ ᠬᠠᠷᠢᠭᠤ ᠲᠤᠰᠬᠠᠯ ᠢ ᠮᠡᠳᠡᠭᠳᠡᠵᠦ᠂ 2025 ᠣᠨ ᠤ ᠠᠵᠢᠯ ᠢ | ᠪᠠᠶᠢᠷᠢᠯᠠᠭᠤᠯᠵᠠᠶ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ | ᠬᠤᠷᠠᠯ ᠢ ᠡᠷᠭᠢᠯᠡᠵᠦ᠂ ᠠᠶᠤᠯᠭᠦᠶ ᠦᠢᠯᠡᠳᠪᠦᠷᠢᠯᠡᠯ ᠤᠨ ᠠᠵᠢᠯ᠂ ᠣᠢ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠵᠦ ᠤᠨᠲᠠᠷᠠᠭᠠᠬᠤ ᠠᠵᠢᠯ ᠢ ᠰᠠᠶᠢᠲᠤᠷ ᠬᠢᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠠᠶ᠃ ᠬᠤᠰᠢᠭᠤᠨ ᠤ | ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ | ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤ ︵ᠲᠥᠪ︶ ᠶᠢᠨ ᠬᠠᠷᠢᠭᠤᠴᠠᠯᠭᠠᠲᠠᠨ ᠨᠠᠷ ᠬᠤᠷᠠᠯ ᠳᠤ | ᠣᠷᠣᠯᠴᠠᠵᠠᠶ᠃ |