ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2025 ᠣᠨ ᠤ ᠬᠠᠮᠲᠤ ᠶᠢᠨ ᠲᠠᠷᠢᠮᠠᠯ ᠲᠠᠸᠠᠷ ᠤᠨ ᠣᠶ ᠶᠢᠨ ᠮᠤᠳᠤ ᠶᠢ ᠣᠭᠲᠣᠯᠬᠤ ᠭᠦᠢᠴᠡᠳᠭᠡᠯ ᠲᠤᠭ᠎ᠠ ᠶᠢ ᠪᠠᠭᠤᠯᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/3/5
    ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠳᠤ᠄    ︽ᠣᠶ ᠶᠢᠨ ᠮᠣᠳᠣ ᠶᠢ ᠣᠭᠲᠣᠯᠬᠤ ︿ᠲᠠᠯᠪᠢᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢᠨ ᠠᠵᠢᠯ ᠢ ᠭᠦᠨᠵᠡᠭᠡᠶ ᠠᠬᠢᠭᠤᠯᠬᠤ ᠲᠤᠬᠠᠶ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠣᠶ ᠶᠢᠨ ᠮᠣᠳᠣ ᠶᠢ ᠣᠭᠲᠣᠯᠬᠤ ᠭᠦᠢᠴᠡᠳᠭᠡᠯ ᠲᠤᠭ᠎ᠠ ᠶᠢᠨ ᠬᠤᠪᠢᠶᠠᠷᠢᠯᠠᠯᠲᠠ ᠬᠡᠷᠡᠭᠯᠡᠯᠲᠡ ᠬᠠᠮᠢᠶᠠᠷᠤᠯᠲᠠ ᠶᠢ ᠵᠢᠷᠤᠮᠵᠢᠭᠤᠯᠤᠨ᠂ ᠭᠦᠢᠴᠡᠳᠭᠡᠯ ᠲᠤᠭ᠎ᠠ ᠶᠢᠨ ᠬᠤᠪᠢᠶᠠᠷᠢᠯᠠᠯᠲᠠ ᠶᠢᠨ ᠰᠢᠨᠵᠢᠯᠡᠬᠦ ᠤᠬᠠᠭᠠᠨᠴᠢ ᠴᠢᠨᠠᠷ ᠪᠠ ᠢᠯᠡ ᠲᠣᠳᠣ ᠴᠢᠨᠠᠷ ᠢ ᠴᠢᠩᠭᠠᠳᠬᠠᠬᠤ ᠶᠢᠨ ᠲᠤᠰᠠᠳᠠ᠂ ︽ᠣᠯᠠᠨ ᠲᠦᠮᠡᠨ ᠳᠤ ᠲᠥᠬᠦᠮ ᠦᠵᠡᠭᠦᠯᠵᠦ᠂ ᠬᠠᠤᠯᠢ ᠲᠣᠭᠲᠠᠭᠠᠯ ᠢ ᠵᠢᠷᠤᠮᠯᠠᠬᠤ ︾ ᠵᠠᠷᠴᠢᠮ ᠶᠣᠰᠣᠭᠠᠷ᠂ ᠡᠳᠦᠭᠡ 2025 ᠣᠨ ᠤ ᠣᠶ ᠶᠢᠨ ᠮᠣᠳᠣ ᠶᠢ ᠣᠭᠲᠣᠯᠬᠤ ᠭᠦᠢᠴᠡᠳᠭᠡᠯ ᠲᠤᠭ᠎ᠠ ᠶᠢᠨ ᠬᠤᠪᠢᠶᠠᠷᠢᠯᠠᠯᠲᠠ ᠶᠢᠨ ᠪᠠᠶᠢᠳᠠᠯ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠬᠤᠪᠢᠶᠠᠷᠢᠯᠠᠭᠰᠠᠨ ᠵᠠᠷᠴᠢᠮ    2025 ᠣᠨ ᠳᠤ᠂ ᠬᠠᠮᠲᠤ ᠶᠢᠨ ᠲᠠᠷᠢᠮᠠᠯ ᠲᠠᠸᠠᠷ ᠤᠨ ᠣᠶ ᠶᠢᠨ ᠮᠤᠳᠤ ᠶᠢ ᠣᠭᠲᠣᠯᠬᠤ ᠭᠦᠢᠴᠡᠳᠭᠡᠯ ᠲᠤᠭ᠎ᠠ ᠨᠢ ᠨᠡᠶᠢᠲᠡ 4 ᠲᠦᠮᠡᠨ ᠪᠣᠰᠤᠭ᠎ᠠ ᠳᠥᠷᠪᠡᠯᠵᠢᠨ ᠮᠧᠲᠷ ᠪᠣᠯᠤᠨ᠎ᠠ᠃ ᠡᠬᠢ ᠪᠠᠶᠠᠯᠢᠭ ᠤᠨ ᠲᠠᠷᠬᠠᠯᠲᠠ ᠶᠢᠨ ᠬᠠᠷᠢᠴᠠᠯ ᠶᠣᠰᠣᠭᠠᠷ᠂ ᠪᠦᠬᠦᠨ ᠢ ᠳᠡᠭᠡᠷ᠎ᠡ ᠨᠢᠭᠡ ᠵᠢᠯ ᠳᠤ ᠣᠶ ᠶᠢᠨ ᠮᠣᠳᠤ ᠶᠢ ᠣᠭᠲᠣᠯᠤᠭᠰᠠᠨ ᠤ ᠳᠠᠷᠠᠭ᠎ᠠ᠂ ᠰᠢᠨᠡᠳᠬᠡᠨ ᠣᠶᠢᠵᠢᠭᠤᠯᠬᠤ ᠶᠢ ᠪᠡᠶᠡᠯᠡᠭᠦᠯᠦᠭᠰᠡᠨ ᠪᠥᠭᠡᠳ ᠰᠢᠯᠭᠠᠨ ᠠᠪᠬᠤ ᠪᠠᠷᠢᠮᠵᠢᠶ᠎ᠠ ᠳᠤ ᠬᠦᠷᠦᠭᠰᠡᠨ ᠰᠤᠮᠤ ᠰᠢᠶᠠᠩ ᠪᠠᠯᠭᠠᠰᠤ ᠳᠤ ᠬᠤᠪᠢᠶᠠᠷᠢᠯᠠᠨ᠎ᠠ᠃ ᠡᠭᠦᠨ ᠳᠤ᠄ ᠠᠷᠠᠴᠢᠯᠠᠨ ᠪᠤᠶᠢᠵᠢᠭᠤᠯᠵᠤ ᠣᠭᠲᠣᠯᠬᠤ᠂ ᠲᠠᠬᠢᠵᠤ ᠲᠠᠷᠢᠭᠠᠳ ᠣᠭᠲᠣᠯᠬᠤ ᠵᠢᠴᠢ ᠤᠨᠠᠯᠲᠠ ᠳᠣᠤᠷ᠎ᠠ ᠦᠷ᠎ᠡ ᠠᠰᠢᠭ ᠲᠠᠢ ᠣᠶ ᠰᠢᠭᠤᠶ ᠶᠢᠨ ᠥᠭᠡᠷᠡᠴᠢᠯᠡᠯᠲᠡ ᠶᠢᠨ ᠭᠦᠢᠴᠡᠳᠭᠡᠯ ᠲᠤᠭ᠎ᠠ ᠶᠢ ᠬᠤᠰᠢᠭᠤᠨ ᠤ ᠵᠠᠰᠠᠭ ᠤᠨ ᠣᠷᠳᠣᠨ ᠠᠴᠠ ᠨᠢᠭᠡᠳᠦᠯᠲᠡᠶ ᠬᠤᠪᠢᠶᠠᠷᠢᠯᠠᠪᠠ᠃   ᠬᠤᠶᠠᠷ᠂ ᠠᠵᠢᠯ ᠤᠨ ᠱᠠᠭᠠᠷᠳᠠᠯᠭ᠎ᠠ    ︵ᠨᠢᠭᠡ︶ ᠡᠯ᠎ᠡ ᠰᠤᠮᠤ ᠰᠢᠶᠠᠩ ᠪᠠᠯᠭᠠᠰᠤ ᠣᠶ ᠶᠢᠨ ᠮᠣᠳᠣ ᠶᠢ ᠣᠭᠲᠣᠯᠬᠤ ᠭᠦᠢᠴᠡᠳᠭᠡᠯ ᠲᠤᠭ᠎ᠠ ᠶᠢᠨ ᠬᠠᠮᠢᠶ᠎ᠠ ᠪᠥᠬᠦᠶ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃    ︵ᠬᠤᠶᠠᠷ︶ ᠡᠯ᠎ᠡ ᠰᠤᠮᠤ ᠰᠢᠶᠠᠩ ᠪᠠᠯᠭᠠᠰᠤ ︽ᠭᠠᠮᠰᠢᠭ ᠲᠤ ᠠᠪᠳᠠᠭᠳᠠᠭᠰᠠᠨ ᠤᠢ ᠮᠤᠳᠤ ᠶᠢ ᠲᠡᠷᠢᠭᠦᠨ ᠳᠤ ᠲᠠᠯᠪᠢᠬᠤ᠂ ᠬᠡᠲᠦ ᠪᠣᠯᠪᠠᠰᠤᠷᠠᠭᠰᠠᠨ ᠣᠶ ᠶᠢ ᠲᠡᠷᠢᠭᠦᠨ ᠳᠤ ᠲᠠᠯᠪᠢᠬᠤ᠂ ᠶᠠᠳᠠᠭᠤ ᠬᠦᠴᠢᠷᠳᠡᠯᠲᠡᠶ ᠡᠷᠦᠬᠡ ᠶᠢ ᠲᠡᠷᠢᠭᠦᠨ ᠳᠤ ᠲᠠᠯᠪᠢᠬᠤ ᠵᠢᠴᠢ ᠣᠭᠲᠣᠯᠵᠤ ᠪᠣᠯᠬᠤ ᠡᠬᠢ ᠪᠠᠶᠠᠯᠢᠭ ᠢᠯᠡᠭᠦᠤ ᠶᠢ ᠲᠡᠷᠢᠭᠦᠨ ᠳᠤ ᠲᠠᠯᠪᠢᠬᠤ︾ ᠵᠠᠷᠴᠢᠮ ᠶᠣᠰᠣᠭᠠᠷ ᠣᠭᠲᠣᠯᠬᠤ ᠭᠦᠢᠴᠡᠳᠭᠡᠯ ᠲᠤᠭ᠎ᠠ ᠶᠢ ᠲᠠᠷᠢᠶᠠᠴᠢᠨ ᠡᠷᠦᠬᠡ ᠪᠤᠶᠤ ᠣᠶ ᠰᠢᠭᠤᠶ ᠶᠢᠨ ᠡᠵᠡᠩᠨᠡᠭᠴᠢ ᠶᠢᠨ ᠭᠠᠷ ᠲᠤ ᠬᠤᠪᠢᠶᠠᠷᠢᠯᠠᠨ ᠥᠭᠬᠦ ᠬᠡᠷᠡᠭᠲᠡᠶ᠃ ᠡᠭᠦᠨ ᠤ ᠬᠠᠮᠲᠤ ᠭᠠᠴᠠᠭ᠎ᠠ ᠲᠣᠰᠬᠤᠨ ᠳᠤ ᠢᠯᠡ ᠨᠡᠶᠢᠲᠡᠯᠡᠬᠦ ᠶᠢᠨ ᠬᠠᠮᠲᠤ ᠢᠯᠡ ᠨᠡᠶᠢᠲᠡᠯᠡᠬᠦ ᠬᠤᠭᠤᠴᠠᠭ᠎ᠠ ᠨᠢ 7 ᠠᠵᠢᠯᠯᠠᠬᠤ ᠡᠳᠦᠷ ᠠᠴᠠ ᠳᠤᠲᠠᠭᠤ ᠪᠠᠶᠢᠵᠤ ᠪᠣᠯᠬᠤ ᠥᠬᠡᠶ᠃    ︵ᠭᠤᠷᠪᠠ︶ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠤᠢ ᠶᠢᠨ ᠮᠣᠳᠣ ᠶᠢ ᠣᠭᠲᠣᠯᠵᠤ ᠪᠣᠯᠬᠤ ᠤᠢᠭᠡᠢ᠄    1. ᠤᠢ ᠶᠢᠨ ᠮᠣᠳᠣᠨ ᠤ ᠡᠷᠬᠡ ᠶᠢᠨ ᠬᠠᠷᠢᠶᠠᠯᠠᠯ ᠨᠢ ᠲᠣᠳᠣᠷᠬᠠᠶ ᠦᠬᠡᠢ ᠪᠤᠶᠤ ᠤᠢ ᠶᠢᠨ ᠮᠣᠳᠣᠨ ᠤ ᠡᠷᠬᠡ ᠶᠢᠨ ᠮᠠᠷᠭᠤᠯᠳᠤᠭᠠᠨ ᠣᠷᠣᠰᠢᠵᠤ ᠪᠠᠶᠢᠬᠤ ᠵᠢᠴᠢ ᠪᠠᠷᠢᠴᠠᠭᠠᠯᠠᠭᠰᠠᠨ᠃    2. ᠬᠠᠮᠢᠶ᠎ᠠ ᠪᠦᠬᠦᠢ ᠭᠤᠶᠤᠴᠢᠯᠠᠯ ᠤᠨ ᠮᠠᠲ᠋ᠧᠷᠢᠶᠠᠯ ᠢᠶᠠᠨ ᠲᠣᠭᠲᠠᠭᠠᠯ ᠶᠣᠰᠣᠭᠠᠷ ᠲᠤᠰᠢᠶᠠᠭᠰᠠᠨ ᠦᠭᠡᠢ ᠪᠤᠶᠤ ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠨᠢ ᠮᠣᠳᠣ ᠣᠭᠲᠣᠯᠬᠤ ᠬᠠᠮᠢᠶᠠᠷᠤᠯᠲᠠ ᠶᠢᠨ ᠲᠣᠭᠲᠠᠭᠠᠯ ᠳᠤ ᠦᠯᠦ ᠨᠡᠶᠢᠴᠡᠭᠰᠡᠨ᠃    3. ᠮᠣᠳᠣ ᠣᠭᠲᠣᠯᠬᠤ ᠠᠵᠢᠯ ᠤᠨ ᠵᠢᠷᠤᠭ ᠲᠥᠯᠥᠪᠯᠡᠭᠡ ᠨᠢ ᠬᠠᠮᠢᠶ᠎ᠠ ᠪᠦᠬᠦᠢ ᠮᠡᠷᠭᠡᠵᠢᠯ ᠤᠨ ᠳᠦᠷᠢᠮ ᠪᠠ ᠮᠣᠳᠣ ᠣᠭᠲᠣᠯᠬᠤ ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠭᠰᠡᠨ᠃    4. ᠲᠦᠷᠦᠭᠦᠦ ᠨᠢᠭᠡ ᠡᠭᠡᠯᠵᠢ ᠶᠢᠨ ᠮᠣᠳᠣ ᠣᠭᠲᠣᠯᠤᠭᠰᠠᠨ ᠤ ᠲᠠᠷᠠᠭ᠎ᠠ ᠰᠢᠨᠡᠵᠢᠬᠦᠯᠦᠨ ᠲᠠᠬᠢᠨ ᠣᠶᠢᠵᠢᠭᠤᠯᠤᠭᠰᠠᠨ ᠨᠢ ᠬᠢᠷᠢ ᠲᠡᠩᠴᠡᠭᠰᠡᠨ ᠦᠭᠡᠢ ᠪᠤᠶᠤ ᠤᠢ ᠶᠢᠨ ᠮᠣᠳᠣ ᠶᠢ ᠣᠭᠲᠣᠯᠬᠤ ᠵᠥᠪᠰᠢᠶᠡᠷᠡᠯ ᠤᠨ ᠦᠨᠡᠮᠯᠡᠯ ᠤᠨ ᠲᠣᠭᠲᠠᠭᠠᠯ ᠢ ᠵᠥᠷᠢᠴᠡᠨ ᠮᠣᠳᠣ ᠣᠭᠲᠣᠯᠤᠭᠰᠠᠨ ᠪᠠᠶᠢᠲᠠᠯ᠎ᠠ ᠬᠠᠤᠯᠢ ᠲᠣᠭᠲᠠᠭᠠᠯ ᠶᠣᠰᠣᠭᠠᠷ ᠡᠰᠡ ᠰᠢᠢᠳᠪᠤᠷᠢᠯᠡᠭᠰᠡᠨ᠃ ︵ᠳᠥᠷᠪᠡ︶ ᠣᠶ ᠶᠢᠨ ᠮᠣᠳᠣᠨ ᠤ ᠡᠷᠬᠡ ᠶᠢᠨ ᠦᠨᠡᠮᠯᠡᠯ ᠥᠬᠡᠶ ᠪᠠᠷ ᠮᠣᠳᠣ ᠣᠭᠲᠣᠯᠬᠤ ᠳᠤ᠂ ᠬᠠᠷᠢᠶ᠎ᠠ ᠪᠥᠬᠦᠶ ᠭᠠᠴᠠᠭ᠎ᠠ ᠲᠣᠰᠬᠤᠨ ᠠᠴᠠ ᠭᠠᠷᠭᠠᠵᠤ ᠥᠭᠭᠦᠭᠰᠡᠨ ᠣᠶ ᠶᠢᠨ ᠮᠣᠳᠣᠨ ᠤ ᠡᠷᠬᠡ ᠶᠢᠨ ᠬᠠᠷᠢᠶᠠᠯᠠᠯ ᠤᠨ ᠭᠡᠷᠡᠴᠢ ᠶᠢ ᠬᠠᠩᠭᠠᠬᠤ ᠶᠢᠨ ᠬᠠᠮᠲᠤ᠂ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠠᠴᠠ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠢ ᠬᠢᠨᠠᠨ ᠬᠠᠷᠭᠤᠭᠤᠯᠬᠤ ᠬᠡᠷᠡᠭᠲᠡᠶ᠃   ︵ᠲᠠᠪᠤ︶ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠳᠤ ᠬᠠᠷᠢᠶᠠᠯᠠᠭᠳᠠᠬᠤ ᠤᠢ ᠶᠢᠨ ᠮᠣᠳᠣ ᠶᠢ ᠣᠭᠲᠣᠯᠬᠤ ᠳᠤ ᠭᠠᠴᠠᠭ᠎ᠠ ᠲᠤᠰᠬᠤᠨ ᠤ ᠬᠠᠮᠲᠤ ᠶᠢᠨ ᠬᠠᠤᠯᠢ ᠶᠢᠨ ᠬᠥᠮᠦᠨ ᠤ ᠪᠡᠶ᠎ᠡ ᠶᠢᠨ ᠦᠨᠡᠮᠯᠡᠯ ᠤᠨ ᠠᠷᠤ ᠦᠪᠦᠷ ᠲᠠᠯ᠎ᠠ ᠶᠢᠨ ᠪᠠᠭᠤᠯᠭᠠᠪᠤᠷᠢ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ ᠤᠨ ᠪᠠᠭᠤᠯᠭᠠᠪᠤᠷᠢ ᠶᠢ ᠲᠤᠰᠢᠶᠠᠬᠤ ᠬᠡᠷᠡᠭᠲᠡᠶ᠃ ᠡᠭᠦᠨ ᠤ ᠬᠠᠮᠲᠤ ᠬᠠᠤᠯᠢ ᠶᠢᠨ ᠡᠷᠬᠡᠲᠡᠨ ᠠᠴᠠ ᠪᠠᠭᠤᠯᠭᠠᠪᠤᠷᠢ ᠳᠡᠭᠡᠷ᠎ᠡ ᠤᠤᠯ ᠮᠠᠲ᠋ᠧᠷᠢᠶᠠᠯ ᠲᠠᠢ ᠨᠢᠭᠡᠳᠦᠯᠲᠡᠶ ᠭᠡᠵᠦ ᠲᠣᠳᠣᠷᠬᠠᠶᠢᠯᠠᠬᠤ ᠶᠢᠨ ᠬᠠᠮᠲᠤ ᠭᠠᠴᠠᠭ᠎ᠠ ᠲᠣᠰᠬᠤᠨ ᠤ ᠠᠯᠪᠠᠨ ᠲᠠᠮᠠᠭ᠎ᠠ ᠳᠠᠷᠤᠵᠤ᠂ ᠭᠠᠴᠠᠭ᠎ᠠ ᠲᠤᠰᠬᠤᠨ ᠤ ᠠᠷᠠᠳ ᠤᠨ ᠲᠥᠯᠥᠭᠡᠯᠡᠭᠴᠢᠳ ᠤᠨ ᠰᠢᠢᠳᠪᠤᠷᠢ ︵ᠰᠢᠢᠳᠪᠤᠷᠢ ᠳᠤ ᠭᠤᠷᠪᠠᠨ ᠤ ᠬᠤᠶᠠᠷ ᠠᠴᠠ ᠳᠡᠭᠡᠭᠰᠢᠬᠢ ᠭᠠᠴᠠᠭ᠎ᠠ ᠲᠤᠰᠬᠤᠨ ᠤ ᠠᠷᠠᠳ ᠤᠨ ᠲᠥᠯᠥᠭᠡᠯᠡᠭᠴᠢᠳ ᠤᠨ ᠭᠠᠷ ᠤᠨ ᠦᠰᠦᠭ ᠵᠢᠷᠤᠭᠰᠠᠨ ᠵᠥᠪᠰᠢᠶᠡᠷᠡᠯ ᠢ ᠤᠯᠬᠤ ᠬᠡᠷᠡᠭᠲᠡᠶ︶ ᠶᠢ ᠲᠠᠭᠯᠠᠨ ᠪᠢᠴᠢᠬᠦ ᠬᠡᠷᠡᠭᠳᠡᠢ᠃   ︵ᠵᠢᠷᠭᠤᠭ᠎ᠠ︶ ᠡᠯ᠎ᠡ ᠰᠤᠮᠤ ᠰᠢᠶᠠᠩ ᠪᠠᠯᠭᠠᠰᠤ ᠲᠣᠰ ᠬᠠᠷᠢᠶ᠎ᠠ ᠣᠷᠣᠨ ᠤ ᠪᠠᠨ ᠮᠤᠳᠤ ᠣᠭᠲᠣᠯᠬᠤ ᠭᠦᠢᠴᠡᠳᠭᠡᠯ ᠲᠤᠭ᠎ᠠ ᠶᠢ ᠦᠨᠳᠦᠰᠦᠯᠡᠨ ᠮᠤᠳᠤ ᠣᠭᠲᠣᠯᠬᠤ ᠭᠠᠵᠠᠷ ᠢ ᠠᠩᠬ᠎ᠠ ᠠᠯᠬᠤᠮ ᠬᠢᠨᠠᠨ ᠬᠠᠷᠭᠤᠭᠤᠯᠬᠤ ᠶᠢᠨ ᠬᠠᠮᠲᠤ᠂ ᠮᠤᠳᠤ ᠣᠭᠲᠣᠯᠬᠤ ᠭᠡᠵᠦ ᠪᠠᠶᠢᠭ᠎ᠠ ᠭᠠᠵᠠᠷ ᠢ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠮᠠᠷᠭᠤᠯᠳᠤᠭᠠᠨ ᠥᠬᠡᠶ᠂ ᠣᠶ ᠮᠣᠳᠣᠨ ᠤ ᠡᠷᠬᠡ ᠲᠣᠳᠣᠷᠬᠠᠶ ᠪᠠᠶᠢᠪᠠᠯ ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ ᠳᠤ ᠮᠤᠳᠤ ᠣᠭᠲᠣᠯᠬᠤ ᠭᠤᠶᠤᠴᠢᠯᠠᠯ ᠢᠶᠠᠨ ᠲᠤᠰᠢᠶᠠᠵᠤ᠂ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ ᠠᠴᠠ ᠭᠤᠶᠤᠴᠢᠯᠠᠭᠳᠠᠭᠰᠠᠳ ᠤᠨ ᠳᠤᠳᠤᠷ᠎ᠠ ᠠᠴᠠ 10%  ᠶᠢ ᠨᠢ ᠰᠣᠩᠭᠤᠨ ᠪᠠᠶᠢᠴᠠᠭᠠᠵᠤ᠂ ᠬᠢᠷᠢ ᠲᠡᠩᠴᠡᠭᠰᠡᠨ ᠤ ᠳᠠᠷᠠᠭ᠎ᠠ ᠣᠶ ᠶᠢᠨ ᠮᠣᠳᠣ ᠶᠢ ᠣᠭᠲᠣᠯᠬᠤ ᠵᠥᠪᠰᠢᠶᠡᠷᠡᠯ ᠤᠨ ᠦᠨᠡᠮᠯᠡᠯ ᠣᠯᠭᠤᠨ᠎ᠠ᠃ ᠤᠢ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ ᠨᠤᠭᠤᠳ ᠮᠣᠳᠣ ᠣᠭᠲᠣᠯᠬᠤ ᠠᠴᠠ ᠡᠮᠦᠨ᠎ᠡ ᠭᠠᠵᠠᠷ ᠰᠢᠷᠣᠶ ᠶᠢ ᠢᠯᠭᠠᠨ ᠲᠠᠨᠢᠬᠤ᠂ ᠮᠣᠳᠣ ᠶᠢ ᠣᠭᠲᠣᠯᠬᠤ ᠶᠠᠪᠤᠴᠠ ᠳᠤ ᠬᠢᠨᠠᠯᠲᠠ ᠲᠠᠯᠪᠢᠬᠤ᠂ ᠮᠣᠳᠣ  ᠶᠢ ᠣᠭᠲᠣᠯᠤᠭᠰᠠᠨ ᠤ ᠲᠠᠷᠠᠭ᠎ᠠ ᠰᠢᠯᠭᠠᠨ ᠠᠪᠬᠤ᠂ ᠰᠢᠨᠡᠳᠬᠡᠵᠦ ᠲᠠᠬᠢᠨ ᠲᠠᠷᠢᠬᠤ ᠳᠤ ᠬᠢᠨᠠᠯᠲᠠ ᠲᠠᠯᠪᠢᠬᠤ ᠵᠡᠷᠭᠡ ᠠᠵᠢᠯ ᠢ ᠰᠠᠶᠢᠳᠤᠷ ᠬᠢᠬᠦ ᠬᠡᠷᠡᠭᠲᠡᠶ᠃   ︵ᠳᠣᠯᠤᠭ᠎ᠠ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾ ︽︿ᠬᠢᠩᠭᠠᠨ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠲᠤ ᠶᠢᠨ ᠲᠠᠷᠢᠮᠠᠯ ᠲᠠᠸᠠᠷ ᠤᠨ ᠣᠶ ᠶᠢᠨ ᠮᠤᠳᠤ ᠶᠢ ᠣᠭᠲᠣᠯᠵᠤ ᠰᠢᠨᠡᠳᠬᠡᠵᠤ ᠲᠠᠷᠢᠬᠤ ᠬᠠᠮᠢᠶᠠᠷᠤᠯᠲᠠ ᠶᠢᠨ ᠠᠷᠭ᠎ᠠ﹀ ᠵᠡᠷᠭᠡ ᠭᠤᠷᠪᠠᠨ ᠣᠶ ᠶᠢᠨ ᠮᠣᠳᠣ ᠶᠢ ᠣᠭᠲᠣᠯᠬᠤ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠠᠬᠢ ᠵᠢᠯ ᠤᠨ ᠣᠶ ᠶᠢᠨ ᠮᠤᠳᠤ ᠶᠢ ᠣᠭᠲᠣᠯᠬᠤ ᠬᠢᠵᠠᠭᠠᠷ ᠲᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠤᠢ ᠮᠣᠳᠣᠨ ᠤ ᠡᠷᠬᠡ ᠶᠢᠨ ᠡᠷᠬᠡᠲᠦ ᠬᠥᠮᠦᠨ ᠮᠤᠳᠤ ᠶᠢ ᠣᠭᠲᠣᠯᠬᠤ ᠪᠠᠷ ᠭᠤᠶᠤᠴᠢᠯᠠᠭᠰᠠᠨ ᠬᠠᠳᠠᠭᠠᠯᠠᠮᠵᠢ ᠨᠢ 15 ᠪᠣᠰᠤᠭ᠎ᠠ ᠳᠥᠷᠪᠡᠯᠵᠢᠨ ᠮᠧᠲᠷ ᠠᠴᠠ ᠬᠡᠲᠦᠷᠡᠭᠰᠡᠨ ᠪᠠᠶᠢᠪᠠᠯ᠂ ᠣᠭᠲᠣᠯᠬᠤ ᠠᠵᠢᠯ ᠤᠨ ᠵᠢᠷᠤᠭ ᠲᠥᠯᠥᠪᠯᠡᠭᠡ ᠪᠠᠨ ᠬᠠᠩᠭᠠᠬᠤ ᠬᠡᠷᠡᠭᠲᠡᠶ᠃ 15 ᠪᠣᠰᠤᠭ᠎ᠠ ᠳᠥᠷᠪᠡᠯᠵᠢᠨ ᠮᠧᠲᠷ ᠠᠴᠠ ᠬᠡᠲᠦᠷᠡᠬᠦ ᠦᠭᠡᠢ ᠪᠠᠶᠢᠪᠠᠯ᠂ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠮᠣᠳᠣ ᠣᠭᠲᠣᠯᠬᠤ ᠣᠷᠣᠨ ᠤ ᠪᠠᠶᠢᠴᠠᠭᠠᠯᠲᠠ ᠶᠢᠨ ᠵᠢᠷᠤᠭ ᠲᠥᠯᠥᠪᠯᠡᠭᠡ ᠶᠢ ᠬᠦᠴᠦᠨ ᠦᠭᠡᠢ ᠪᠣᠯᠭᠠᠵᠤ᠂ ᠤᠢ ᠰᠢᠭᠤᠶ ᠶᠢᠨ ᠲᠠᠷᠢᠶᠠᠴᠢᠨ ᠮᠣᠳᠣ ᠣᠭᠲᠣᠯᠬᠤ ᠭᠤᠶᠤᠴᠢᠯᠠᠯ ᠤᠨ ᠬᠦᠰᠦᠨᠦᠭᠲᠦ ᠶᠢ ᠲᠠᠭᠯᠠᠵᠤ᠂ ᠤᠢ ᠶᠢᠨ ᠮᠣᠳᠣ ᠶᠢ ᠣᠭᠲᠣᠯᠬᠤ ᠭᠠᠵᠠᠷ᠂ ᠮᠣᠳᠣᠨ ᠤ ᠲᠦᠷᠦᠯ᠂ ᠲᠠᠯᠠᠪᠠᠢ᠂ ᠬᠠᠳᠠᠭᠠᠯᠠᠮᠵᠢ ᠵᠡᠷᠭᠡ ᠠᠭᠤᠯᠭ᠎ᠠ ᠶᠢ ᠲᠣᠳᠣᠷᠬᠠᠶᠢᠯᠠᠬᠤ ᠶᠢᠨ ᠬᠠᠮᠲᠤ ᠮᠣᠳᠣ ᠣᠭᠲᠣᠯᠬᠤ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠭᠰᠠᠨ ᠪᠠᠶᠢᠪᠠᠯ᠂ ᠤᠢ ᠶᠢᠨ ᠮᠣᠳᠣ ᠶᠢ ᠣᠭᠲᠣᠯᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠵᠦ ᠪᠣᠯᠤᠨ᠎ᠠ᠃  ︵ᠨᠠᠢᠮᠠ︶ 2018 ᠣᠨ — 2024 ᠣᠨ ᠤ ᠳᠡᠭᠡᠷ᠎ᠡ ᠬᠠᠭᠠᠰ ᠵᠢᠯ ᠤᠨ ᠮᠣᠳᠣ ᠣᠭᠲᠣᠯᠤᠭᠰᠠᠨ ᠭᠠᠵᠠᠷ ᠤᠨ ᠰᠢᠨᠡᠴᠢᠯᠡᠯᠲᠡ ᠶᠢ ᠰᠢᠯᠭᠠᠨ ᠠᠪᠤᠭᠰᠠᠨ ᠪᠠᠶᠢᠳᠠᠯ ᠢ ᠦᠨᠳᠦᠰᠦᠯᠡᠪᠡᠯ᠂ ᠡᠯ᠎ᠡ ᠭᠠᠵᠠᠷ ᠤᠨ ᠮᠣᠳᠣ ᠣᠭᠲᠣᠯᠤᠭᠰᠠᠨ ᠭᠠᠵᠠᠷ ᠤᠨ ᠰᠢᠨᠡᠴᠢᠯᠡᠯᠲᠡ ᠶᠢᠨ ᠠᠵᠢᠯ ᠴᠥᠮ ᠪᠠᠷᠢᠮᠵᠢᠶ᠎ᠠ ᠳᠤ ᠪᠦᠷᠢᠮᠦᠰᠦᠨ ᠭᠦᠷᠦᠭᠰᠡᠨ ᠥᠬᠡᠶ᠃ ᠡᠯ᠎ᠡ ᠰᠤᠮᠤ ᠰᠢᠶᠠᠩ ᠪᠠᠯᠭᠠᠰᠤ ᠨᠢ ᠡᠯ᠎ᠡ ᠱᠠᠲᠤᠨ ᠤ ᠣᠶ ᠰᠢᠭᠤᠶ ᠨᠤᠳᠤᠭ ᠪᠡᠯᠴᠢᠭᠡᠷ ᠤᠨ ᠣᠷᠳᠣ ᠬᠤᠭᠤᠴᠠᠭᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠮᠣᠳᠣ ᠣᠭᠲᠣᠯᠤᠭᠰᠠᠨ ᠭᠠᠵᠠᠷ ᠤᠨ ᠰᠢᠨᠡᠴᠢᠯᠡᠯᠲᠡ ᠶᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠣᠳᠣ ᠣᠭᠲᠣᠯᠤᠭᠰᠠᠨ ᠭᠠᠵᠠᠷ ᠤᠨ ᠰᠢᠨᠡᠴᠢᠯᠡᠯᠲᠡ ᠶᠢᠨ ᠨᠣᠷᠮ᠎ᠠ ᠪᠠᠷ ᠨᠡᠯᠢᠶᠡᠳ ᠳᠣᠤᠷ᠎ᠠ ᠰᠤᠮᠤ ᠰᠢᠶᠠᠩ ᠪᠠᠯᠭᠠᠰᠤ ᠳᠤ᠂ ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ ᠠᠴᠠ  ᠮᠣᠳᠣ ᠣᠭᠲᠣᠯᠬᠤ ᠵᠥᠪᠰᠢᠶᠡᠷᠡᠯ ᠤᠨ ᠦᠨᠡᠮᠯᠡᠯ ᠭᠦᠢᠴᠡᠳᠭᠡᠬᠦ ᠶᠢ ᠵᠣᠭᠰᠣᠭᠠᠬᠤ ᠪᠤᠶᠤ ᠣᠯᠭᠤᠬᠤ ᠶᠢ ᠬᠢᠵᠠᠭᠠᠷᠯᠠᠵᠤ᠂ ᠣᠶᠢᠲᠤ ᠭᠠᠵᠠᠷ ᠤᠨ ᠰᠦᠢᠳᠬᠦ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠳᠡᠢ᠃    ᠳᠠᠭᠠᠯᠳᠤᠭᠤᠯᠤᠯ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2025 ᠣᠨ ᠤ ᠬᠠᠮᠲᠤ ᠶᠢᠨ ᠲᠠᠷᠢᠮᠠᠯ ᠲᠠᠸᠠᠷ ᠤᠨ ᠣᠶ ᠶᠢᠨ ᠮᠤᠳᠤ ᠶᠢ ᠣᠭᠲᠣᠯᠬᠤ ᠭᠦᠢᠴᠡᠳᠭᠡᠯ ᠲᠤᠭ᠎ᠠ ᠶᠢᠨ ᠬᠤᠪᠢᠶᠠᠷᠢᠯᠠᠯᠲᠠ ᠶᠢᠨ ᠬᠦᠰᠦᠨᠦᠭᠲᠦ                                                                                       2025 ᠣᠨ ᠤ 2 ᠰᠠᠷ᠎ᠠ ᠶᠢᠨ 21 ᠤ ᠡᠳᠦᠷ ※ᠨᠠᠷᠢᠨ ᠠᠭᠤᠯᠭ᠎ᠠ ᠶᠢ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ  ᠤ ᠬᠢᠳᠡᠳ ᠰᠦᠯᠵᠢᠶ᠎ᠡ ᠠᠴᠠ ᠦᠵᠡᠭᠡᠷᠡᠢ︕ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号