| ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯᠤᠨ ᠰᠤᠷᠭᠠᠨ ᠬᠥᠮᠦᠵᠢᠯ ᠤᠨ ᠲᠢᠩᠬᠢᠮ ᠵᠡᠷᠭᠡ ᠣᠯᠠᠨ | ᠰᠠᠯᠠᠭ᠎ᠠ ᠮᠥᠴᠢᠷ ᠬᠠᠮᠲᠤᠷᠠᠨ ︽ᠬᠡᠦᠬᠡᠳ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤᠬᠠᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠡᠨᠡ ᠵᠢᠯ | ᠳᠤ ᠬᠡᠦᠬᠡᠳ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠭᠤᠷᠪᠠᠳᠤᠭᠠᠷ ᠳᠡᠰ ᠤᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠡᠮ ᠡᠮᠨᠡᠯᠭᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠪᠣᠯᠤᠨ | ᠦᠢᠯᠡᠴᠢᠯᠡᠭᠡᠨ ᠤ ᠲᠡᠩᠴᠡᠭᠦᠷᠢᠲᠦ ᠴᠢᠨᠠᠷ ᠢ ᠳᠡᠭᠡᠭᠰᠢᠯᠡᠭᠦᠯᠵᠦ᠂ ᠬᠡᠦᠬᠡᠳ ᠤᠨ ᠡᠷᠡᠭᠦᠯ ᠮᠡᠨᠳᠦ ᠶᠢᠨ ᠲᠦᠪᠰᠢᠨ | ᠪᠣᠯᠤᠨ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠤ᠂ 2035 ᠣᠨ ᠪᠣᠯᠬᠤ ᠳᠤ ᠬᠤᠲᠠ | ᠬᠥᠳᠡᠭᠡ ᠲᠡᠩᠴᠡᠭᠦᠷᠢᠲᠡᠢ᠂ ᠥᠨᠳᠥᠷ ᠦᠷ᠎ᠡ ᠪᠦᠲᠦᠮᠵᠢᠲᠡᠢ ᠬᠠᠮᠵᠢᠯᠴᠠᠬᠤ ᠬᠡᠦᠬᠡᠳ ᠤᠨ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠯᠳᠦᠭᠦᠯᠦᠨ᠎ᠡ ᠭᠡᠵᠦ ᠲᠣᠳᠣᠷᠬᠠᠶᠢᠯᠠᠪᠠ᠃ | ᠳᠤᠰ ︽ᠬᠡᠷᠡᠭᠵᠢᠭᠦᠯᠬᠦ ᠲᠥᠰᠦᠯ︾ ᠳᠤ᠂ ᠥᠨᠳᠥᠷ ᠲᠦᠪᠰᠢᠨ ᠪᠦᠬᠦᠢ ᠬᠡᠦᠬᠡᠳ ᠤᠨ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠣᠣᠷ ᠢ ᠪᠠᠶᠢᠭᠤᠯᠵᠤ᠂ ᠡᠮ ᠡᠮᠨᠡᠯᠭᠡ ᠶᠢᠨ ᠬᠤᠯᠪᠣᠭᠠᠲᠤ ᠴᠣᠭᠴᠠ ᠳᠤ | ᠲᠦᠰᠢᠭᠯᠡᠨ ᠬᠡᠦᠬᠡᠳ ᠤᠨ ᠡᠮ ᠡᠮᠨᠡᠯᠭᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ | ᠬᠡᠦᠬᠡᠳ ᠤᠨ ᠡᠷᠡᠭᠦᠯ ᠮᠡᠨᠳᠦ ᠶᠢ ᠬᠠᠮᠠᠭᠠᠯᠠᠬᠤ ᠦᠢᠯᠡᠴᠢᠯᠡᠭᠡᠨ ᠤ ᠳᠤᠤᠷ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠬᠡᠦᠬᠡᠳ ᠤᠨ ᠬᠦᠨᠳᠦ ᠶᠡᠭᠡ ᠡᠪᠡᠳᠴᠢᠨ ᠡᠮᠭᠡᠭ ᠢ ᠣᠨᠣᠰᠢᠯᠠᠨ ᠡᠮᠨᠡᠬᠦ ᠪᠠ ᠪᠠᠴᠢᠮ ᠲᠦᠭᠰᠢᠭᠦᠷᠢᠲᠡᠢ ᠬᠦᠨᠳᠦ | ᠡᠪᠡᠳᠴᠢᠲᠡᠨ ᠢ ᠠᠪᠤᠷᠠᠨ ᠡᠮᠨᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠡᠦᠬᠡᠳ ᠤᠨ ᠡᠷᠡᠭᠦᠯ ᠴᠢᠭᠢᠷᠠᠭ ᠲᠤ ᠬᠡᠷᠡᠭᠯᠡᠭᠦ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭᠲᠤ ᠳᠠᠪᠠᠭᠤᠯᠢᠭ ᠢ ᠪᠠᠳᠠᠷᠠᠭᠤᠯᠤᠨ᠂ | ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠪᠠ ᠣᠶᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ | ᠴᠢᠩᠭᠠᠳᠬᠠᠨ᠎ᠠ ᠭᠡᠵᠦ ᠲᠤᠷᠠᠳᠪᠠ᠃ | ︽ᠬᠡᠷᠡᠭᠵᠢᠭᠦᠯᠬᠦ ᠲᠥᠰᠦᠯ︾ ᠳᠤ᠂ ᠬᠡᠦᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠴᠢᠨᠠᠷ ᠰᠠᠶᠢᠲᠠᠢ | ᠦᠢᠯᠡᠴᠢᠯᠡᠭᠡ ᠶᠢ ᠠᠬᠢᠭᠤᠯᠵᠤ᠂ ᠭᠡᠷ ᠪᠦᠯᠢ ᠶᠢᠨ ᠡᠮᠴᠢ ᠶᠢᠨ ᠵᠦᠪᠯᠡᠯᠴᠡᠭᠡᠷ ᠲᠣᠭᠲᠠᠬᠤ ᠦᠢᠯᠡᠴᠢᠯᠡᠭᠡ᠂ ᠡᠪᠡᠳᠴᠢᠨ | ᠡᠮᠭᠡᠭ ᠢ ᠰᠡᠷᠭᠡᠶᠢᠯᠡᠬᠦ ᠪᠠ ᠡᠷᠡᠭᠦᠯ ᠮᠡᠨᠳᠦ ᠶᠢᠨ ᠬᠠᠮᠢᠶᠠᠷᠤᠯᠲᠠ᠂ ᠡᠪᠡᠳᠴᠢᠨ ᠡᠮᠭᠡᠭ ᠢ ᠬᠢᠨᠠᠨ ᠬᠡᠮᠵᠢᠬᠦ ᠪᠠ ᠰᠢᠭᠰᠢᠨ | ᠪᠠᠶᠢᠴᠠᠭᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠤᠳᠤ ᠦᠶ᠎ᠡ ᠶᠢᠨ ᠬᠡᠦᠬᠡᠳ ᠤᠨ ᠰᠠᠯᠠᠭᠠᠨ ᠤ ᠴᠢᠳᠠᠪᠤᠷᠢᠲᠠᠨ ᠤ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ᠂ | ᠠᠵᠢᠯ ᠤᠨ ᠪᠠᠶᠢᠷᠢ ᠰᠣᠯᠢᠬᠤ ᠪᠣᠯᠪᠠᠰᠣᠷᠠᠯ ᠬᠢᠬᠦ᠂ ᠳᠡᠭᠡᠳᠦ ᠳᠡᠰ ᠤᠨ ᠬᠠᠮ ᠬᠡᠯᠪᠡᠷᠢ ᠶᠢᠨ ᠴᠢᠳᠠᠪᠤᠷᠢᠲᠠᠨ ᠢ | ᠬᠥᠮᠦᠵᠢᠭᠦᠯᠬᠦ ᠨᠥᠭᠡᠴᠡᠯᠡᠬᠦ ᠶᠢ ᠴᠢᠩᠭᠠᠳᠬᠠᠨ᠎ᠠ᠃ ᠬᠡᠦᠬᠡᠳ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠴᠢᠨᠠᠷ ᠰᠠᠶᠢᠳᠠᠢ ᠬᠥᠭᠵᠢᠯᠲᠡ ᠶᠢᠨ ᠲᠥᠬᠦᠷᠵᠢᠭᠰᠡᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠤᠨ᠎ᠡ᠂ ᠡᠭᠦᠨ ᠳᠤ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥ ᠶᠢᠨ | ᠪᠣᠳᠣᠯᠭ᠎ᠠ ᠶᠢᠨ ᠬᠠᠮᠵᠢᠯᠴᠠᠬᠤ ᠴᠢᠨᠠᠷ ᠢ ᠳᠡᠭᠡᠭᠰᠢᠯᠡᠭᠦᠯᠬᠦ᠂ ᠬᠡᠦᠬᠡᠳ ᠤᠨ ᠡᠮ ᠡᠮᠨᠡᠯᠭᠡ ᠶᠢᠨ ᠪᠠᠲᠤᠯᠠᠭ᠎ᠠ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠬᠡᠦᠬᠡᠳ ᠤᠨ ᠰᠠᠯᠠᠭᠠᠨ ᠤ ᠴᠢᠳᠠᠪᠤᠷᠢᠲᠠᠨ ᠢ | ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠶᠢᠨ ᠬᠠᠮᠲᠤ ᠨᠠᠶᠢᠳᠠᠪᠤᠷᠢᠵᠢᠭᠤᠯᠬᠤ᠂ ᠡᠳ᠋ ᠤᠨ | ᠵᠠᠰᠠᠭ ᠤᠨ ᠪᠠᠲᠤᠯᠠᠭ᠎ᠠ ᠶᠢᠨ ᠡᠷᠴᠢᠮ ᠢ ᠨᠡᠮᠡᠭᠳᠡᠭᠦᠯᠬᠦ᠂ ᠬᠡᠦᠬᠡᠳ ᠤᠨ ᠬᠡᠷᠡᠭᠯᠡᠬᠦ ᠡᠮ ᠤᠨ ᠳᠤᠲᠠᠭᠳᠠᠯ ᠢ | ᠨᠥᠬᠦᠪᠥᠷᠢᠯᠡᠬᠦ ᠵᠡᠷᠭᠡ ᠠᠭᠤᠯᠭ᠎ᠠ ᠪᠠᠭᠳᠠᠵᠤ ᠪᠤᠢ᠃ | ︵︽ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ︾ ᠠᠴᠠ ᠰᠢᠯᠵᠢᠬᠦᠯᠪᠡ︶ |