| ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄ | ᠡᠳᠦᠭᠡ ︽ᠴᠢᠩᠭᠡᠯᠢᠭ ᠡᠮᠨᠡᠯᠭᠡ ᠶᠢᠨ ᠬᠤᠷᠢᠶ᠎ᠠ᠂ ᠲᠤᠰᠠᠭᠠᠷᠯᠠᠬᠤ ᠴᠡᠭ ᠵᠡᠷᠭᠡ ᠬᠢᠵᠢᠭ ᠢ ᠡᠰᠡᠷᠭᠦᠴᠡᠬᠦ ᠡᠳ᠋ | ᠬᠥᠷᠥᠩᠭᠡ ᠶᠢ ᠤᠯᠠᠮ ᠨᠢᠭᠡ ᠠᠯᠬᠤᠮ ᠲᠣᠬᠢᠲᠠᠶ ᠰᠢᠢᠳᠪᠤᠷᠢᠯᠡᠬᠦ ᠠᠵᠢᠯ ᠤᠨ ᠲᠥᠰᠦᠯ︾ ᠢ ᠲᠠᠨᠠᠷ ᠲᠤ ᠳᠠᠷᠤᠮᠠᠯᠯᠠᠨ | ᠲᠠᠷᠬᠠᠭᠠᠯ᠎ᠠ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2025 ᠣᠨ ᠤ 2 ᠰᠠᠷ᠎ᠠ ᠶᠢᠨ 7 ᠤ ᠡᠳᠦᠷ | | | ᠴᠢᠩᠭᠡᠯᠢᠭ ᠡᠮᠨᠡᠯᠭᠡ ᠶᠢᠨ ᠬᠤᠷᠢᠶ᠎ᠠ᠂ ᠲᠤᠰᠠᠭᠠᠷᠯᠠᠬᠤ ᠴᠡᠭ ᠵᠡᠷᠭᠡ ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢ | ᠤᠯᠠᠮ ᠨᠢᠭᠡ ᠠᠯᠬᠤᠮ ᠲᠣᠬᠢᠲᠠᠶ ᠰᠢᠢᠳᠪᠤᠷᠢᠯᠡᠬᠦ ᠠᠵᠢᠯ ᠤᠨ ᠲᠥᠰᠦᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ︽ᠴᠢᠩᠭᠡᠯᠢᠭ ᠡᠮᠨᠡᠯᠭᠡ ᠶᠢᠨ ᠬᠤᠷᠢᠶ᠎ᠠ᠂ ᠲᠤᠰᠠᠭᠠᠷᠯᠠᠬᠤ ᠴᠡᠭ ᠵᠡᠷᠭᠡ ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢ | ᠰᠢᠢᠳᠪᠤᠷᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ᠢ ᠭᠦᠨᠵᠡᠭᠡᠶ | ᠨᠠᠶᠢᠳᠠᠪᠤᠷᠢᠵᠢᠭᠤᠯᠵᠤ᠂ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠴᠢᠩᠭᠡᠯᠢᠭ ᠡᠮᠨᠡᠯᠭᠡ ᠶᠢᠨ | ᠬᠤᠷᠢᠶ᠎ᠠ᠂ ᠲᠤᠰᠠᠭᠠᠷᠯᠠᠬᠤ ᠴᠡᠭ ᠵᠡᠷᠭᠡ ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢ ᠤᠯᠠᠮ ᠨᠢᠭᠡ ᠠᠯᠬᠤᠮ ᠲᠣᠬᠢᠲᠠᠶ | ᠰᠢᠢᠳᠪᠤᠷᠢᠯᠡᠬᠦ ᠠᠵᠢᠯ ᠤᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ᠂ ︽ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠲᠥᠷᠥᠯ ᠬᠤᠪᠢᠶᠠᠨ ᠠᠮᠢᠳᠤᠯᠢᠭ ᠢᠶᠠᠷ | ᠠᠰᠢᠭᠯᠠᠬᠤ᠂ ᠡᠩ ᠤᠨ ᠪᠠ ᠪᠠᠴᠢᠮ ᠪᠠᠶᠢᠳᠠᠯ ᠢ ᠤᠶᠠᠯᠳᠤᠭᠤᠯᠬᠤ᠂ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ | ᠰᠠᠶᠢᠲᠤᠷ ᠰᠠᠬᠢᠬᠤ︾ ᠰᠢᠢᠳᠪᠤᠷᠢᠯᠡᠬᠦ ᠵᠠᠷᠴᠢᠮ ᠶᠣᠰᠣᠭᠠᠷ᠂ ᠰᠢᠨ᠎ᠡ ᠪᠠᠶᠢᠳᠠᠯ ᠪᠠ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠴᠢᠩᠭᠡᠯᠢᠭ ᠡᠮᠨᠡᠯᠭᠡ ᠶᠢᠨ ᠬᠤᠷᠢᠶ᠎ᠠ᠂ | ᠲᠤᠰᠠᠭᠠᠷᠯᠠᠬᠤ ᠴᠡᠭ ᠵᠡᠷᠭᠡ ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢ ᠰᠢᠢᠳᠪᠤᠷᠢᠯᠡᠬᠦ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠵᠦ᠂ ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ | ᠦᠨᠡᠨ ᠬᠦ ᠳᠡᠭᠡᠭᠰᠢᠯᠡᠭᠦᠯᠬᠦ ᠶᠢᠨ ᠲᠦᠯᠦᠭᠡ ᠲᠣᠰ ᠲᠥᠰᠦᠯ ᠢ ᠲᠣᠭᠲᠠᠭᠠᠪᠠ᠃ | ᠨᠢᠭᠡ᠂ ᠡᠭᠦᠷᠭᠡ ᠬᠢᠭᠡᠳ ᠠᠷᠭ᠎ᠠ ᠬᠡᠮᠵᠢᠶ᠎ᠡ | ᠴᠢᠩᠭᠡᠯᠢᠭ ᠡᠮᠨᠡᠯᠭᠡ ᠶᠢᠨ ᠬᠤᠷᠢᠶ᠎ᠠ᠂ ᠲᠤᠰᠠᠭᠠᠷᠯᠠᠬᠤ ᠴᠡᠭ ᠵᠡᠷᠭᠡ ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢ | ᠰᠢᠢᠳᠪᠤᠷᠢᠯᠡᠬᠦ ᠠᠵᠢᠯ ᠢ 2025 ᠣᠨ ᠤ 1 ᠰᠠᠷ᠎ᠠ ᠠᠴᠠ ᠡᠬᠢᠯᠡᠵᠦ᠂ 2025 ᠣᠨ ᠤ 5 ᠰᠠᠷ᠎ᠠ ᠳᠤ | ᠳᠠᠭᠤᠰᠬᠠᠵᠤ᠂ ᠭᠤᠷᠪᠠᠨ ᠱᠠᠲᠤ ᠬᠤᠪᠢᠶᠠᠵᠤ ᠶᠠᠪᠤᠭᠳᠠᠭᠤᠯᠤᠨ᠎ᠠ᠃ | ︵ᠨᠢᠭᠡ︶ ᠳᠣᠭᠢᠷᠠᠭᠤᠯᠤᠨ ᠪᠠᠶᠢᠷᠢᠯᠠᠭᠤᠯᠬᠤ ᠱᠠᠲᠤ ︵2025 ᠣᠨ ᠤ 1 ᠳ᠋ᠣᠭᠡᠷ ᠰᠠᠷ᠎ᠠ︶ | ᠨᠢᠭᠡ ᠳᠤ᠂ ᠠᠵᠢᠯ ᠤᠨ ᠡᠭᠦᠷᠭᠡ ᠪᠠᠨ ᠲᠣᠳᠣᠷᠬᠠᠶ ᠪᠣᠯᠭᠠᠬᠤ ᠬᠡᠷᠡᠭᠲᠡᠶ᠃ ᠬᠤᠰᠢᠭᠤᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠢᠶᠠᠷ ᠲᠦᠷᠦᠭᠦᠯᠡᠭᠦᠯᠦᠨ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ | ᠵᠡᠷᠭᠡ ᠰᠠᠯᠠᠭ᠎ᠠ ᠮᠥᠴᠢᠷ ᠬᠠᠮᠵᠢᠯᠴᠠᠨ᠂ ᠭᠤᠤᠯ ᠡᠭᠦᠷᠭᠡ᠂ ᠬᠠᠷᠢᠭᠤᠴᠠᠯᠭ᠎ᠠ ᠶᠢᠨ ᠬᠤᠪᠢᠶᠠᠷᠢᠯᠠᠯ᠂ ᠬᠡᠷᠡᠭᠵᠢᠭᠦᠯᠬᠦ | ᠠᠯᠬᠤᠮ ᠳᠠᠷᠠᠭ᠎ᠠ ᠂ ᠰᠢᠢᠳᠪᠤᠷᠢᠯᠡᠬᠦ ᠠᠷᠭ᠎ᠠ ᠮᠠᠶ᠋ᠢᠭ᠂ ᠪᠡᠶᠡᠯᠡᠭᠦᠯᠬᠦ ᠴᠠᠭ ᠤᠨ ᠬᠢᠵᠠᠭᠠᠷ ᠪᠠ ᠠᠵᠢᠯ ᠤᠨ | ᠱᠠᠭᠠᠷᠳᠠᠯᠭ᠎ᠠ ᠵᠡᠷᠭᠡ ᠶᠢ ᠲᠣᠳᠣᠷᠬᠠᠶᠢᠯᠠᠬᠤ ᠬᠡᠷᠡᠭᠳᠡᠢ᠃ | ᠬᠤᠶᠠᠷ ᠲᠤ᠂ ᠢᠳᠡᠪᠬᠢᠲᠡᠶ ᠪᠠᠷ ᠲᠠᠶᠢᠴᠢᠯᠠᠨ ᠪᠠᠶᠢᠷᠢᠯᠠᠭᠤᠯᠬᠤ ᠬᠡᠷᠡᠭᠳᠡᠢ᠃ ᠬᠤᠰᠢᠭᠤᠨ ᠤ ᠬᠢᠵᠢᠭ ᠢ | ᠡᠰᠡᠷᠭᠦᠴᠡᠬᠦ ᠡᠳ᠋ ᠬᠥᠷᠥᠩᠭᠡ ᠶᠢ ᠰᠢᠢᠳᠪᠤᠷᠢᠯᠡᠬᠦ ᠲᠤᠰᠬᠠᠶ ᠠᠩᠭᠢ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠵᠤ ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢ ᠰᠢᠢᠳᠪᠤᠷᠢᠯᠡᠬᠦ ᠠᠵᠢᠯ ᠤᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ | ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢ ᠰᠢᠢᠳᠪᠤᠷᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ | ᠪᠠᠲᠤᠯᠠᠬᠤ ᠬᠡᠷᠡᠭᠳᠡᠢ᠃ | ︵ᠬᠤᠶᠠᠷ︶ ᠵᠣᠬᠢᠶᠠᠨ ᠪᠠᠶᠢᠭᠤᠯᠵᠤ ᠬᠡᠷᠡᠭᠵᠢᠭᠦᠯᠬᠦ ᠱᠠᠲᠤ ︵2025 ᠣᠨ ᠤ 2 ᠳ᠋ᠤᠭᠠᠷ ᠰᠠᠷ᠎ᠠ — | 2025 ᠣᠨ ᠤ 4 ᠳ᠋ᠣᠭᠡᠷ ᠰᠠᠷ᠎ᠠ︶ | ᠨᠢᠭᠡ ᠳᠤ᠂ ᠡᠳ᠋ ᠬᠥᠷᠥᠩᠭᠡ ᠶᠢᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠬᠤ ᠬᠡᠷᠡᠭᠳᠡᠢ᠃ ᠠᠵᠢᠯ ᠤᠨ | ᠲᠤᠰᠬᠠᠶ ᠠᠩᠭᠢ ᠨᠢ ᠴᠢᠩᠭᠡᠯᠢᠭ ᠡᠮᠨᠡᠯᠭᠡ ᠶᠢᠨ ᠬᠤᠷᠢᠶ᠎ᠠ᠂ ᠲᠤᠰᠠᠭᠠᠷᠯᠠᠬᠤ ᠴᠡᠭ ᠵᠡᠷᠭᠡ ᠬᠢᠵᠢᠭ ᠢ ᠡᠰᠡᠷᠭᠦᠴᠡᠬᠦ ᠡᠳ᠋ | ᠬᠥᠷᠥᠩᠭᠡ ᠶᠢᠨ ᠰᠠᠭᠤᠷᠢ ᠲᠤᠭ᠎ᠠ ᠶᠢ ᠰᠢᠰᠲ᠋ᠧᠮ ᠲᠠᠢ ᠡᠮᠬᠢᠯᠡᠨ ᠳᠢᠭᠯᠡᠵᠦ᠂ ᠡᠮᠦᠨᠡᠬᠢ ᠬᠤᠭᠤᠴᠠᠭᠠᠨ ᠤ ᠪᠠᠶᠢᠳᠠᠯ ᠢ | ᠣᠶᠢᠯᠠᠭᠠᠬᠤ ᠪᠠᠶᠢᠴᠠᠭᠠᠯᠲᠠ ᠶᠢᠨ ᠰᠠᠭᠤᠷᠢ ᠪᠠᠶᠢᠳᠠᠯ ᠲᠠᠢ ᠤᠶᠠᠯᠳᠤᠭᠤᠯᠤᠨ᠂ ᠣᠯᠠᠨ ᠠᠷᠭ᠎ᠠ ᠵᠠᠮ ᠢᠶᠠᠷ ᠪᠥᠬᠦ | ᠲᠠᠯ᠎ᠠ ᠪᠠᠷ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠬᠡᠷᠡᠭᠳᠡᠢ ︵ᠨᠠᠷᠢᠨ ᠠᠭᠤᠯᠭ᠎ᠠ ᠶᠢ ᠳᠠᠭᠠᠯᠳᠤᠭᠤᠯᠤᠯ 1 | ᠂ 2 ᠠᠴᠠ ᠦᠵᠡᠭᠡᠷᠡᠶ︶᠂ ᠴᠢᠩᠭᠡᠯᠢᠭ ᠡᠮᠨᠡᠯᠭᠡ ᠶᠢᠨ ᠬᠤᠷᠢᠶ᠎ᠠ᠂ ᠲᠤᠰᠠᠭᠠᠷᠯᠠᠬᠤ ᠴᠡᠭ ᠤᠨ ᠣᠳᠣᠬᠢ ᠪᠠᠶᠢᠳᠠᠯ᠂ | ᠥᠮᠴᠢᠯᠡᠯ ᠤᠨ ᠡᠷᠬᠡ ᠶᠢᠨ ᠬᠠᠷᠢᠶᠠᠯᠠᠯ᠂ ᠪᠥᠲᠥᠭᠡᠨ ᠪᠠᠶᠢᠭᠤᠯᠤᠭᠰᠠᠨ ᠠᠷᠭ᠎ᠠ ᠮᠠᠶ᠋ᠢᠭ ᠪᠠ ᠲᠦᠬᠦᠭᠡᠷᠦᠮᠵᠢ ᠶᠢᠨ | ᠲᠥᠷᠥᠯ ᠬᠡᠯᠪᠡᠷᠢ ᠵᠡᠷᠭᠡ ᠪᠠᠶᠢᠳᠠᠯ ᠢ ᠣᠨᠣᠪᠴᠢᠲᠠᠶ ᠡᠵᠡᠮᠰᠢᠵᠦ᠂ ᠦᠨᠡᠨ ᠪᠣᠳᠠᠲᠠᠶ ᠪᠠᠷ ᠲᠤᠰᠬᠠᠬᠤ ᠶᠢᠨ ᠬᠠᠮᠲᠤ᠂ | ᠡᠯ᠎ᠡ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠬᠢᠨᠠᠭᠤᠯᠤᠨ ᠭᠠᠷ ᠤᠨ | ᠥᠰᠥᠭ ᠵᠢᠷᠤᠭᠤᠯᠤᠭᠰᠠᠨ ᠤ ᠳᠠᠷᠠᠭ᠎ᠠ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ ᠬᠡᠷᠡᠭᠳᠡᠢ᠃ ᠣᠷᠣᠨ ᠨᠤᠲᠤᠭ ᠲᠤ | ᠬᠤᠯᠪᠣᠭᠳᠠᠬᠤ ᠥᠷᠢ ᠥᠭᠴᠡᠭᠡ ᠶᠢᠨ ᠪᠠᠶᠢᠳᠠᠯ ᠢ ᠬᠠᠮᠲᠤ ᠳᠤᠨᠢ ᠡᠮᠬᠢᠯᠡᠨ ᠳᠢᠭᠯᠡᠬᠦ ᠬᠡᠷᠡᠭᠳᠡᠢ᠃ | ᠬᠤᠶᠠᠷ ᠲᠤ᠂ ᠳᠡᠭᠡᠭᠰᠢ ᠮᠡᠳᠡᠭᠦᠯᠬᠦ ᠲᠦᠷᠢᠮ ᠢ ᠪᠠᠶᠢᠭᠤᠯᠬᠤ ᠬᠡᠷᠡᠭᠳᠡᠢ᠃ ᠡᠯ᠎ᠡ ᠭᠠᠵᠠᠷ ᠡᠯ᠎ᠡ ᠬᠠᠮᠢᠶ᠎ᠠ ᠪᠥᠬᠦᠶ | ᠰᠠᠯᠠᠭ᠎ᠠ ᠮᠥᠴᠢᠷ ᠤᠳ ᠣᠷᠣᠨ ᠨᠤᠲᠤᠭ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ | ᠴᠢᠩᠭᠠᠷᠠᠭᠤᠯᠵᠤ᠂ ᠨᠢᠭᠡᠨᠲᠡ ᠲᠣᠳᠣᠷᠬᠠᠶ ᠣᠶᠢᠯᠠᠭᠠᠭᠰᠠᠨ ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢ ᠲᠥᠷᠥᠯ | ᠬᠤᠪᠢᠶᠠᠨ ᠬᠠᠮᠢᠶᠠᠷᠴᠤ᠂ ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢᠨ ᠡᠬᠡ ᠲᠠᠩᠰᠠ ᠶᠢ ᠪᠠᠶᠢᠭᠤᠯᠤᠨ᠂ ᠡᠳ᠋ | ᠬᠥᠷᠥᠩᠭᠡ ᠶᠢᠨ ᠬᠠᠷᠢᠭᠤᠴᠠᠯᠭᠠᠲᠤ ᠪᠠᠶᠢᠭᠤᠯᠭ᠎ᠠ ᠨᠢᠭᠡᠴᠢ᠂ ᠬᠠᠷᠢᠭᠤᠴᠠᠯᠭᠠᠲᠠᠨ ᠵᠢᠴᠢ ᠪᠡᠶᠡᠯᠡᠭᠦᠯᠬᠦ ᠴᠠᠭ ᠤᠨ | ᠬᠢᠵᠠᠭᠠᠷ ᠢ ᠲᠣᠳᠣᠷᠬᠠᠶᠢᠯᠠᠵᠤ᠂ ᠵᠢᠷᠤᠭ ᠡᠯᠭᠦᠵᠦ ᠪᠠᠶᠢᠯᠳᠤᠭᠠᠨ ᠬᠢᠵᠦ᠂ ᠳ᠋ᠤᠭᠠᠷ ᠢ ᠨᠢ ᠬᠦᠴᠦᠨ ᠥᠬᠡᠶ ᠪᠣᠯᠭᠠᠬᠤ | ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ ᠡᠯ᠎ᠡ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠰᠠᠷ᠎ᠠ ᠪᠦᠷᠢ ᠶᠢᠨ 20 ᠤ | ᠡᠳᠦᠷ ᠠᠴᠠ ᠡᠮᠦᠨ᠎ᠡ ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢ ᠰᠢᠢᠳᠪᠤᠷᠢᠯᠡᠭᠰᠡᠨ ᠡᠬᠡ ᠲᠠᠩᠰᠠ ᠪᠠᠨ ᠬᠤᠰᠢᠭᠤᠨ | ᠤ ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢ ᠰᠢᠢᠳᠪᠤᠷᠢᠯᠡᠬᠦ ᠲᠤᠰᠬᠠᠶ ᠠᠩᠭᠢ ᠳᠤ ᠮᠡᠳᠡᠭᠦᠯᠬᠦ ᠬᠡᠷᠡᠭᠳᠡᠢ᠃ | ᠭᠤᠷᠪᠠ ᠳᠤ᠂ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠬᠤ ᠬᠡᠷᠡᠭᠳᠡᠢ᠃ ᠬᠤᠰᠢᠭᠤᠨ ᠤ ᠬᠢᠵᠢᠭ ᠢ | ᠡᠰᠡᠷᠭᠦᠴᠡᠬᠦ ᠡᠳ᠋ ᠬᠥᠷᠥᠩᠭᠡ ᠶᠢ ᠰᠢᠢᠳᠪᠤᠷᠢᠯᠡᠬᠦ ᠲᠤᠰᠬᠠᠶ ᠠᠩᠭᠢ ᠨᠢ ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢ | ᠰᠢᠢᠳᠪᠤᠷᠢᠯᠡᠬᠦ ᠠᠵᠢᠯ ᠤᠨ ᠪᠠᠶᠢᠳᠠᠯ ᠢ ᠭᠤᠤᠯᠳᠠᠯᠭ᠎ᠠ ᠲᠠᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠳᠡᠢ᠃ | ᠭᠤᠤᠯᠳᠠᠭᠤ ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢᠨ ᠰᠠᠭᠤᠷᠢ ᠲᠤᠭ᠎ᠠ ᠶᠢᠨ ᠦᠨᠡᠨ ᠪᠣᠳᠠᠲᠤ ᠴᠢᠨᠠᠷ᠂ | ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠢ ᠬᠢᠨᠠᠨ ᠬᠠᠷᠭᠤᠭᠤᠯᠵᠤ᠂ ᠰᠤᠯᠠ ᠪᠠᠶᠢᠭ᠎ᠠ ᠴᠢᠩᠭᠡᠯᠢᠭ ᠡᠮᠨᠡᠯᠭᠡ ᠶᠢᠨ | ᠬᠤᠷᠢᠶ᠎ᠠ ᠪᠠ ᠲᠤᠰᠠᠭᠠᠷᠯᠠᠬᠤ ᠴᠡᠭ ᠤᠨ ᠰᠢᠢᠳᠪᠤᠷᠢᠯᠡᠭᠰᠡᠨ ᠪᠠᠶᠢᠳᠠᠯ ᠢ ᠭᠤᠤᠯᠳᠠᠯᠭ᠎ᠠ ᠲᠠᠢ ᠬᠢᠨᠠᠨ ᠪᠠᠶᠢᠴᠠᠭᠠᠵᠤ᠂ | ᠭᠡᠷᠡᠴᠢ ᠮᠠᠲ᠋ᠧᠷᠢᠶᠠᠯ ᠴᠤᠭᠯᠠᠭᠤᠯᠤᠨ ᠡᠮᠬᠢᠳᠬᠡᠵᠦ᠂ ᠰᠢᠢᠳᠪᠤᠷᠢᠯᠡᠭᠰᠡᠨ ᠦᠨᠳᠦᠰᠦ ᠪᠠᠷᠢᠮᠲᠠ ᠶᠢ ᠨᠥᠬᠦᠪᠥᠷᠢᠯᠡᠨ | ᠲᠡᠭᠦᠯᠳᠡᠷᠵᠢᠭᠦᠯᠵᠦ᠂ ᠴᠠᠭ ᠲᠤᠬᠠᠶ ᠳᠤᠨᠢ ᠬᠢᠨᠠᠨ ᠪᠠᠶᠢᠴᠠᠭᠠᠭᠰᠠᠨ ᠮᠡᠳᠡᠭᠦᠯᠦᠯᠲᠡ ᠬᠢᠬᠦ ᠬᠡᠷᠡᠭᠳᠡᠢ᠃ | ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠭᠰᠠᠨ ᠪᠠᠶᠢᠳᠠᠯ ᠢ ᠬᠤᠷᠢᠶᠠᠩᠭᠤᠶᠢᠯᠠᠨ ᠬᠢᠨᠠᠨ ᠲᠣᠭᠲᠠᠭᠠᠭᠰᠠᠨ ᠤ | ᠳᠠᠷᠠᠭ᠎ᠠ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ ᠬᠡᠷᠡᠭᠲᠡᠶ᠃ | ᠳᠥᠷᠪᠡ ᠳᠤ᠂ ᠲᠥᠷᠥᠯ ᠬᠤᠪᠢᠶᠠᠨ ᠰᠢᠢᠳᠪᠤᠷᠢᠯᠡᠬᠦ ᠶᠢ ᠬᠡᠷᠡᠭᠵᠢᠭᠦᠯᠬᠦ ᠬᠡᠷᠡᠭᠳᠡᠢ᠃ ᠬᠤᠪᠢᠷᠠᠭᠤᠯᠬᠤ ᠠᠷᠭ᠎ᠠ | ᠪᠣᠳᠣᠯᠭ᠎ᠠ ᠶᠢ ᠪᠠᠷᠢᠮᠲᠠᠯᠠᠵᠤ᠂ ᠵᠠᠷᠴᠢᠮ ᠳᠡᠭᠡᠷ᠎ᠡ ᠪᠠᠨ ᠴᠢᠩᠭᠡᠯᠢᠭ ᠡᠮᠨᠡᠯᠭᠡ ᠶᠢᠨ ᠬᠤᠷᠢᠶ᠎ᠠ᠂ ᠲᠤᠰᠠᠭᠠᠷᠯᠠᠬᠤ ᠴᠡᠭ | ᠵᠡᠷᠭᠡ ᠶᠢ ᠬᠤᠭᠤᠰᠣᠨ ᠪᠠᠶᠢᠯᠭᠠᠬᠤ ᠬᠡᠯᠪᠡᠷᠢ ᠪᠠᠷ ᠦᠯᠡᠳᠡᠭᠡᠵᠦ ᠪᠣᠯᠬᠤ ᠥᠬᠡᠶ᠂ ᠡᠩ ᠤᠨ ᠪᠠ ᠪᠠᠴᠢᠮ ᠪᠠᠶᠢᠳᠠᠯ ᠢ | ᠤᠶᠠᠯᠳᠤᠭᠤᠯᠬᠤ ᠵᠠᠷᠴᠢᠮ ᠶᠣᠰᠣᠭᠠᠷ᠂ ᠬᠠᠮᠢᠶ᠎ᠠ ᠪᠥᠬᠦᠶ ᠲᠦᠬᠦᠭᠡᠷᠦᠮᠵᠢ ᠶᠢ ᠰᠢᠨᠵᠢᠯᠡᠬᠦ ᠤᠬᠠᠭᠠᠨᠴᠢ ᠵᠦᠶ | ᠵᠣᠬᠢᠰᠲᠠᠶ ᠪᠠᠷ ᠲᠥᠷᠥᠯ ᠬᠤᠪᠢᠶᠠᠨ ᠰᠢᠢᠳᠪᠤᠷᠢᠯᠡᠬᠦ ᠬᠡᠷᠡᠭᠲᠡᠶ᠃ | 1. ᠤᠤᠯ ᠤᠨ ᠴᠢᠳᠠᠮᠵᠢ ᠶᠢ ᠰᠡᠷᠭᠦᠭᠡᠨ᠎ᠡ᠃ ᠪᠠᠴᠢᠮ ᠪᠠᠶᠢᠳᠠᠯ ᠳᠣᠣᠷ᠎ᠠ᠂ ᠪᠡᠶ᠎ᠡ ᠶᠢᠨ ᠲᠠᠮᠢᠷ ᠤᠨ ᠣᠷᠳᠣᠨ᠂ | ᠬᠤᠷᠠᠯ ᠦᠵᠡᠰᠬᠦᠯᠡᠩ ᠤᠨ ᠲᠥᠪ᠂ ᠦᠵᠡᠰᠬᠦᠯᠡᠩ ᠤᠨ ᠣᠷᠳᠣᠨ᠂ ᠲᠤᠮᠤ ᠬᠡᠯᠪᠡᠷᠢ ᠶᠢᠨ ᠦᠢᠯᠡᠳᠪᠦᠷᠢ ᠶᠢᠨ ᠭᠡᠷ | ᠪᠠᠶᠢᠰᠢᠩ ᠵᠡᠷᠭᠡ ᠶᠢ ᠪᠠᠭᠲᠠᠭᠠᠭᠰᠠᠨ ᠡᠩ ᠤᠨ ᠪᠠᠷᠢᠯᠭ᠎ᠠ ᠶᠢᠨ ᠲᠥᠬᠦᠭᠡᠷᠦᠮᠵᠢ ᠳᠤ ᠲᠦᠰᠢᠭᠯᠡᠵᠦ ᠪᠠᠶᠢᠭᠠᠳ ᠲᠦᠷ | ᠴᠠᠭ ᠥᠭᠡᠷᠡᠴᠢᠯᠡᠨ ᠪᠠᠶᠢᠭᠤᠯᠤᠭᠰᠠᠨ ᠴᠢᠩᠭᠡᠯᠢᠭ ᠡᠮᠨᠡᠯᠭᠡ ᠶᠢᠨ ᠬᠤᠷᠢᠶ᠎ᠠ ᠪᠠ ᠲᠤᠰᠠᠭᠠᠷᠯᠠᠬᠤ ᠴᠡᠭ ᠤᠨ ᠤᠤᠯ ᠤᠨ | ᠴᠢᠳᠠᠮᠵᠢ ᠶᠢ ᠨᠢ ᠠᠯᠬᠤᠮ ᠠᠯᠬᠤᠮ ᠢᠶᠠᠷ ᠰᠡᠷᠭᠦᠭᠡᠵᠦ᠂ ᠬᠡᠷᠡᠭᠴᠡᠭᠡᠨ ᠤ ᠦᠷᠳᠡᠭ ᠢ ᠨᠢ ᠭᠦᠢᠴᠡᠳ ᠪᠠᠳᠠᠷᠠᠭᠤᠯᠬᠤ | ᠬᠡᠷᠡᠭᠲᠡᠶ᠃ ᠬᠢᠵᠢᠭ ᠢ ᠡᠰᠡᠷᠭᠦᠴᠡᠬᠦ ᠳᠤ ᠬᠡᠷᠡᠭᠯᠡᠬᠦ ᠭᠠᠵᠠᠷ ᠰᠢᠷᠣᠶ ᠳᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠤᠨ ᠶᠣᠰᠣᠭᠠᠷ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠴᠤ᠂ ᠭᠠᠵᠠᠷ ᠬᠡᠷᠡᠭᠯᠡᠬᠦ ᠭᠠᠷᠳᠠᠮ ᠢ ᠲᠦᠷᠭᠡᠨ | ᠭᠦᠢᠴᠡᠳᠭᠡᠬᠦ ᠪᠤᠶᠤ ᠭᠠᠵᠠᠷ ᠰᠢᠷᠣᠶ ᠶᠢᠨ ᠤᠤᠯ ᠤᠨ ᠪᠠᠶᠢᠳᠠᠯ ᠢ ᠰᠡᠷᠭᠦᠭᠡᠵᠦ᠂ ᠭᠠᠵᠠᠷ ᠰᠢᠷᠣᠶ ᠶᠢᠨ ᠡᠬᠢ ᠪᠠᠶᠠᠯᠢᠭ ᠢ | ᠵᠦᠶ ᠵᠣᠬᠢᠰᠲᠠᠶ ᠠᠰᠢᠭᠯᠠᠬᠤ ᠪᠠ ᠬᠠᠮᠠᠭᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ | 2. ᠬᠡᠷᠡᠭᠯᠡᠬᠦ ᠠᠷᠭ᠎ᠠ ᠵᠠᠮ ᠢ ᠥᠷᠭᠡᠳᠬᠡᠨ᠎ᠡ᠃ ᠰᠢᠨ᠎ᠡ ᠪᠠᠷ ᠪᠠᠶᠢᠭᠤᠯᠤᠭᠰᠠᠨ ᠪᠤᠶᠤ ᠡᠩ ᠤᠨ ᠴᠢᠳᠠᠮᠵᠢ ᠦᠭᠡᠶ | ᠪᠠᠷᠢᠯᠭ᠎ᠠ ᠳᠤ ᠲᠦᠰᠢᠭᠯᠡᠨ ᠥᠭᠡᠷᠡᠴᠢᠯᠡᠨ ᠪᠠᠶᠢᠭᠤᠯᠤᠭᠰᠠᠨ ᠴᠢᠩᠭᠡᠯᠢᠭ ᠡᠮᠨᠡᠯᠭᠡ ᠶᠢᠨ ᠬᠤᠷᠢᠶ᠎ᠠ᠂ ᠲᠤᠰᠠᠭᠠᠷᠯᠠᠬᠤ ᠴᠡᠭ | ᠵᠡᠷᠭᠡ ᠶᠢ ᠣᠷᠣᠨ ᠪᠦᠰᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ | ᠲᠥᠯᠥᠪᠯᠡᠵᠦ᠂ ᠲᠤᠬᠠᠶ ᠶᠢᠨ ᠭᠠᠵᠠᠷ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠪᠠᠶᠢᠷᠢᠰᠢᠯ ᠵᠢᠴᠢ | ᠠᠵᠢᠯ ᠣᠯᠭᠤᠯᠲᠠ᠂ ᠪᠠᠴᠢᠮ ᠪᠠᠶᠢᠳᠠᠯ ᠢ ᠠᠷᠭᠠᠴᠠᠭᠠᠬᠤ᠂ ᠨᠡᠶᠢᠭᠡᠮ ᠤᠨ ᠦᠢᠯᠡᠳᠪᠦᠷᠢᠯᠡᠯ᠂ ᠰᠠᠭᠤᠭᠠᠯᠢ ᠠᠷᠠᠳ ᠤᠨ | ᠠᠮᠢᠳᠤᠷᠠᠯ᠂ ᠡᠮ ᠤᠨ ᠵᠦᠢᠯᠡᠰ ᠤᠨ ᠭᠦᠢᠯᠭᠡᠭᠡ᠂ ᠰᠣᠶᠣᠯ ᠴᠡᠩᠭᠡᠯ ᠵᠡᠷᠭᠡ ᠶᠢᠨ ᠬᠡᠷᠡᠭᠴᠡᠭᠡ ᠶᠢ ᠬᠠᠩᠭᠠᠵᠤ ᠪᠣᠯᠤᠨ᠎ᠠ᠃ | ᠬᠠᠮᠢᠶ᠎ᠠ ᠪᠥᠬᠦᠶ ᠲᠦᠬᠦᠭᠡᠷᠦᠮᠵᠢ ᠶᠢ ᠡᠮᠨᠡᠯᠭᠡ ᠶᠢᠨ ᠬᠤᠷᠢᠶ᠎ᠠ ᠶᠢᠨ ᠳᠠᠭᠠᠯᠲᠠ ᠲᠦᠬᠦᠭᠡᠷᠦᠮᠵᠢ᠂ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ᠂ ᠠᠵᠢᠯ ᠣᠯᠭᠤᠬᠤ ᠦᠢᠯᠡᠴᠢᠯᠡᠭᠡᠨ ᠤ | ᠲᠠᠯᠠᠪᠤᠷ ᠭᠠᠵᠠᠷ᠂ ᠠᠶᠠᠨᠴᠢᠳ ᠤᠨ ᠪᠠᠭᠤᠳᠠᠯ᠂ ᠪᠠᠴᠢᠮ ᠪᠠᠶᠢᠳᠠᠯ ᠢ ᠠᠷᠭᠠᠴᠠᠭᠠᠨ ᠲᠥᠪᠬᠢᠨᠡᠭᠦᠯᠬᠦ ᠴᠡᠭ᠂ | ᠦᠢᠯᠡᠳᠪᠤᠷᠢ ᠶᠢᠨ ᠬᠡᠷ ᠪᠠᠶᠢᠰᠢᠩ ᠵᠢᠴᠢ ᠬᠥᠮᠥᠷᠭᠡᠯᠡᠨ ᠬᠠᠳᠠᠭᠠᠯᠠᠬᠤ᠂ ᠠᠵᠢᠯᠲᠠᠨ ᠤ ᠪᠠᠶᠢᠷᠢ᠂ ᠪᠣᠯᠪᠠᠰᠤᠷᠠᠯ ᠤᠨ | ᠰᠠᠭᠤᠷᠢᠨ ᠭᠠᠵᠠᠷ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠵᠡᠷᠭᠡ ᠪᠣᠯᠭᠠᠨ ᠥᠭᠡᠷᠡᠴᠢᠯᠡᠵᠦ᠂ ᠠᠵᠢᠯ | ᠲᠥᠷᠥᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠬᠢ | ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠬᠦ ᠬᠡᠷᠡᠭᠳᠡᠢ᠃ | 3. ᠡᠩ ᠤᠨ ᠪᠠ ᠪᠠᠴᠢᠮ ᠪᠠᠶᠢᠳᠠᠯ ᠤᠨ ᠬᠤᠶᠠᠷ ᠬᠡᠷᠡᠭᠴᠡᠭᠡᠲᠦ ᠲᠣᠭᠲᠠᠴᠠ ᠶᠢ ᠪᠠᠶᠢᠭᠤᠯᠤᠨ᠎ᠠ᠃ ︽ᠡᠩ ᠤᠨ | ᠪᠠᠶᠢᠳᠠᠯ︾ ᠢ ᠪᠠᠶᠢᠩᠭᠤᠵᠢᠭᠤᠯᠵᠤ᠂ ︽ᠪᠠᠴᠢᠮ ᠪᠠᠶᠢᠳᠠᠯ︾ ᠢ ᠠᠷᠭᠠᠴᠠᠭᠠᠬᠤ ︽ᠡᠩ ᠤᠨ ᠪᠠ ᠪᠠᠴᠢᠮ ᠪᠠᠶᠢᠳᠠᠯ ᠢ | ᠤᠶᠠᠯᠳᠤᠭᠤᠯᠬᠤ︾ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ | ᠳᠣᠭᠢᠷᠠᠭᠤᠯᠤᠨ ᠴᠢᠳᠠᠮᠵᠢ ᠶᠢ ᠬᠤᠪᠢᠷᠠᠭᠤᠯᠬᠤ ᠲᠥᠰᠦᠯ ᠢ ᠰᠤᠳᠤᠯᠤᠨ ᠲᠣᠭᠲᠠᠭᠠᠵᠤ᠂ ᠲᠥᠷᠥᠯ ᠵᠦᠢᠯ ᠤᠨ ︽ | ᠡᠩ ᠤᠨ ᠪᠠᠶᠢᠳᠠᠯ︾ ᠳᠤ ᠦᠷᠭᠦᠯᠵᠢᠯᠡᠭᠦᠯᠬᠦ᠂ ︽ᠪᠠᠴᠢᠮ ᠪᠠᠶᠢᠳᠠᠯ︾ ᠳᠤ ᠬᠤᠪᠢᠷᠠᠭᠤᠯᠬᠤ ᠶᠢ ᠳᠥᠯᠭᠢᠨ | ᠠᠬᠢᠭᠤᠯᠬᠤ ᠬᠡᠷᠡᠭᠲᠡᠶ᠃ ᠡᠳᠦᠷ ᠲᠤᠲᠤᠮ ᠤᠨ ᠬᠡᠷᠡᠭᠴᠡᠭᠡ ᠲᠠᠢ ᠪᠠᠶᠢᠪᠠᠯ᠂ ᠵᠣᠬᠢᠬᠤ ᠲᠤᠭ᠎ᠠ ᠬᠡᠮᠵᠢᠶ᠎ᠡ ᠪᠠ | ᠬᠡᠪᠴᠢᠶ᠎ᠡ ᠶᠢ ᠲᠣᠭᠲᠠᠭᠠᠵᠤ ᠪᠠᠶᠢᠭᠠᠳ ᠬᠢᠵᠢᠭ ᠤᠨ ᠪᠠᠶᠢᠳᠠᠯ ᠢ ᠰᠢᠢᠳᠪᠤᠷᠢᠯᠡᠬᠦ ᠱᠠᠭᠠᠷᠳᠠᠯᠭ᠎ᠠ ᠶᠢ ᠬᠠᠩᠭᠠᠵᠤ ᠳᠡᠶᠢᠯᠬᠦ | ᠲᠦᠬᠦᠭᠡᠷᠦᠮᠵᠢ ᠶᠢ ᠴᠢᠩᠭᠡᠯᠢᠭ ᠡᠮᠨᠡᠯᠭᠡ ᠶᠢᠨ ᠬᠤᠷᠢᠶ᠎ᠠ ᠪᠤᠶᠤ ᠲᠤᠰᠠᠭᠠᠷᠯᠠᠬᠤ ᠴᠡᠭ ᠪᠣᠯᠭᠠᠨ ᠬᠡᠷᠡᠭᠯᠡᠬᠦ ᠬᠡᠷᠡᠭᠳᠡᠢ᠃ | ᠤᠯᠤᠰ ᠤᠨ ᠪᠠᠯᠠ ᠮᠥᠩᠭᠦ ︵ᠵᠢᠱᠢᠶᠡᠯᠡᠪᠡᠯ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ︶ ᠪᠠᠷ | ᠳᠡᠮᠵᠢᠵᠦ ᠪᠠᠶᠢᠭ᠎ᠠ ᠴᠢᠩᠭᠡᠯᠢᠭ ᠡᠮᠨᠡᠯᠭᠡ ᠶᠢᠨ ᠬᠤᠷᠢᠶ᠎ᠠ ᠪᠠ ᠲᠥᠪᠯᠡᠷᠡᠭᠦᠯᠦᠨ ᠲᠤᠰᠠᠭᠠᠷᠯᠠᠬᠤ ᠴᠡᠭ ᠵᠡᠷᠭᠡ ᠬᠠᠮᠢᠶ᠎ᠠ | ᠪᠥᠬᠦᠶ ᠲᠦᠬᠦᠭᠡᠷᠦᠮᠵᠢ ᠳᠤ ᠦᠨᠳᠦᠰᠦᠨ ᠲᠦᠬᠦᠭᠡᠷᠦᠮᠵᠢ ᠶᠢ ᠨᠢ ᠬᠠᠮᠤᠭ ᠤᠨ ᠶᠡᠭᠡ ᠬᠡᠮᠵᠢᠶ᠎ᠡ ᠪᠠᠷ ᠦᠯᠡᠳᠡᠭᠡᠵᠦ᠂ | ᠬᠠᠮᠢᠶᠠᠷᠤᠯᠲᠠ ᠶᠢᠨ ᠨᠢᠭᠡᠴᠢ ᠶᠢ ᠲᠣᠳᠣᠷᠬᠠᠶᠢᠯᠠᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠵᠢᠴᠢ | ᠠᠵᠢᠯᠯᠠᠭᠠᠨ ᠤ ᠲᠥᠰᠦᠯ ᠢ ᠲᠡᠭᠦᠯᠳᠡᠷᠵᠢᠭᠦᠯᠦᠨ ᠠᠬᠢᠭᠤᠯᠤᠨ ᠬᠤᠪᠢᠷᠠᠭᠤᠯᠵᠤ ᠰᠠᠶᠢᠨ ᠣᠷᠴᠢᠯ ᠢ ᠨᠥᠭᠡᠴᠡᠯᠡᠬᠦ | ᠬᠡᠷᠡᠭᠲᠡᠶ᠃ | 4. ᠡᠮᠬᠢ ᠵᠢᠷᠤᠮ ᠲᠠᠢ ᠪᠠᠷ ᠨᠤᠷᠠᠭᠠᠨ᠎ᠠ᠃ ᠡᠭᠦᠷᠭᠡ ᠪᠠᠨ ᠨᠢᠭᠡᠨᠲᠡ ᠪᠡᠶᠡᠯᠡᠭᠦᠯᠦᠭᠰᠡᠨ ᠪᠥᠭᠡᠳ ᠳᠠᠬᠢᠨ | ᠠᠰᠢᠭᠯᠠᠬᠤ ᠶᠠᠮᠠᠷ ᠴᠤ ᠦᠨ᠎ᠡ ᠥᠷᠲᠡᠭ ᠥᠬᠡᠶ ᠪᠣᠯᠤᠭᠰᠠᠨ ᠴᠢᠩᠭᠡᠯᠢᠭ ᠡᠮᠨᠡᠯᠭᠡ ᠶᠢᠨ ᠬᠤᠷᠢᠶ᠎ᠠ᠂ ᠲᠤᠰᠠᠭᠠᠷᠯᠠᠬᠤ | ᠴᠡᠭ ᠵᠡᠷᠭᠡ ᠲᠦᠷ ᠴᠠᠭ ᠤᠨ ᠲᠦᠬᠦᠭᠡᠷᠦᠮᠵᠢ ᠶᠢ ᠵᠠᠷᠴᠢᠮ ᠳᠡᠭᠡᠷ᠎ᠡ ᠪᠠᠨ ᠭᠦᠢᠴᠡᠳ ᠦᠨᠡᠯᠡᠨ ᠵᠢᠱᠢᠬᠦ ᠪᠠ ᠨᠠᠷᠢᠨ | ᠨᠢᠮᠪᠠᠶ ᠲᠥᠯᠥᠪᠯᠡᠭᠰᠡᠨ ᠰᠠᠭᠤᠷᠢᠨ ᠳᠡᠭᠡᠷ᠎ᠡ ᠨᠤᠷᠠᠭᠠᠵᠤ ᠪᠣᠯᠤᠨ᠎ᠠ᠃ ᠨᠤᠷᠠᠭᠠᠬᠤ ᠶᠠᠪᠤᠴᠠ ᠳᠤ᠂ ᠬᠠᠮᠢᠶ᠎ᠠ ᠪᠥᠬᠦᠢ | ᠭᠠᠷᠳᠠᠮ ᠢ ᠬᠠᠤᠯᠢ ᠲᠣᠭᠲᠠᠭᠠᠯ ᠶᠣᠰᠣᠭᠠᠷ ᠭᠦᠢᠴᠡᠳᠬᠡᠨ᠂ ᠤᠯᠤᠰ ᠤᠨ ᠬᠠᠮᠢᠶ᠎ᠠ ᠪᠥᠬᠦᠢ ᠲᠥᠯᠥᠪᠵᠢᠭᠦᠯᠭᠡ ᠶᠢᠨ | ᠪᠥᠳᠥᠭᠡᠨ ᠪᠠᠶᠢᠭᠤᠯᠬᠤ ᠪᠠᠷᠢᠮᠵᠢᠶ᠎ᠠ ᠪᠣᠯᠤᠨ ᠮᠡᠷᠭᠡᠵᠢᠯ ᠤᠨ ᠵᠢᠷᠤᠮᠵᠢᠯ ᠳᠤ ᠨᠡᠶᠢᠴᠡᠭᠦᠯᠵᠦ᠂ ᠨᠤᠷᠠᠭᠠᠬᠤ ᠶᠠᠪᠤᠴᠠ | ᠳᠠᠬᠢ ᠠᠶᠤᠯᠭᠦᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠨᠤᠷᠠᠭᠠᠬᠤ ᠶᠠᠪᠤᠴᠠ ᠳᠤ ᠪᠤᠢ ᠪᠣᠯᠤᠭᠰᠠᠨ | ᠪᠠᠷᠢᠯᠭ᠎ᠠ ᠶᠢᠨ ᠮᠠᠲ᠋ᠧᠷᠢᠶᠠᠯ ᠢ ᠴᠢᠳᠠᠬᠤ ᠶᠢᠨ ᠳᠣᠲᠣᠷ᠎ᠠ ᠡᠭᠡᠭᠦᠯᠦᠨ ᠬᠤᠷᠢᠶᠠᠵᠤ᠂ ᠡᠬᠢ ᠪᠠᠶᠠᠯᠢᠭ ᠢ | ᠣᠷᠴᠢᠯᠳᠤᠭᠤᠯᠤᠨ ᠲᠠᠬᠢᠨ ᠠᠰᠢᠭᠯᠠᠬᠤ ᠶᠢ ᠪᠡᠶᠡᠯᠡᠭᠦᠯᠬᠦ ᠬᠡᠷᠡᠭᠲᠡᠶ᠃ ᠬᠤᠪᠢᠷᠠᠭᠤᠯᠤᠨ ᠠᠰᠢᠭᠯᠠᠬᠤ ᠶᠢᠨ ᠠᠷᠭ᠎ᠠ | ᠦᠭᠡᠢ ᠪᠤᠶᠤ ᠨᠤᠷᠠᠭᠠᠬᠤ ᠨᠥᠬᠦᠴᠡᠯ ᠢ ᠪᠦᠷᠢᠯᠳᠦᠭᠦᠯᠦᠭᠰᠡᠨ ᠦᠭᠡᠢ ᠲᠥᠬᠦᠭᠡᠷᠦᠮᠵᠢ ᠶᠢ ᠣᠷᠣᠨ ᠨᠤᠲᠤᠭ ᠤᠨ | ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠵᠦᠢ ᠵᠣᠬᠢᠰᠲᠠᠶ ᠪᠠᠷ ᠰᠢᠢᠳᠪᠤᠷᠢᠯᠡᠬᠦ ᠬᠡᠷᠡᠭᠲᠡᠶ᠃ | ︵ᠭᠤᠷᠪᠠ︶ ᠳ᠋ᠦᠩᠨᠡᠨ ᠲᠡᠭᠦᠯᠳᠡᠷᠵᠢᠭᠦᠯᠬᠦ ᠱᠠᠲᠤ ︵2025 ᠣᠨ ᠤ 5 ᠳ᠋ᠤᠭᠠᠷ ᠰᠠᠷ᠎ᠠ︶ | ᠡᠯ᠎ᠡ ᠪᠠᠶᠢᠭᠤᠯᠭ᠎ᠠ ᠨᠢᠭᠡᠴᠢ ᠨᠦᠭᠦᠳ ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢ ᠲᠥᠷᠥᠯ ᠬᠤᠪᠢᠶᠠᠨ | ᠰᠢᠢᠳᠪᠤᠷᠢᠯᠡᠬᠦ ᠶᠢ ᠲᠦᠷᠭᠡᠳᠬᠡᠨ ᠠᠬᠢᠭᠤᠯᠵᠤ᠂ ᠰᠤᠯᠠ ᠲᠠᠯᠪᠢᠵᠤ ᠪᠦᠷᠢᠯᠭᠡᠨ ᠰᠦᠢᠳᠭᠡᠵᠦ ᠪᠠᠶᠢᠭ᠎ᠠ ᠠᠰᠠᠭᠤᠳᠠᠯ ᠢ | ᠲᠦᠢᠯᠪᠤᠷᠢᠲᠠᠶ ᠰᠢᠢᠳᠪᠤᠷᠢᠯᠡᠨ᠂ ᠪᠡᠯᠡᠳᠬᠡᠯ ᠴᠢᠩᠭᠡᠯᠢᠭ ᠡᠮᠨᠡᠯᠭᠡ ᠶᠢᠨ ᠬᠤᠷᠢᠶ᠎ᠠ᠂ ᠲᠤᠰᠠᠭᠠᠷᠯᠠᠬᠤ ᠴᠡᠭ ᠵᠡᠷᠭᠡ ︽ | ᠡᠩ ᠤᠨ ᠪᠠ ᠪᠠᠴᠢᠮ ᠪᠠᠶᠢᠳᠠᠯ ᠤᠨ ᠬᠤᠶᠠᠷ ᠬᠡᠷᠡᠭᠴᠡᠭᠡᠲᠦ︾ ᠬᠡᠯᠪᠡᠷᠢ ᠶᠢᠨ ᠰᠠᠭᠤᠷᠢ ᠲᠦᠬᠦᠭᠡᠷᠦᠮᠵᠢ ᠶᠢᠨ ᠡᠳᠦᠷ | ᠲᠤᠲᠤᠮ ᠤᠨ ᠠᠵᠢᠯᠯᠠᠭᠤᠯᠵᠤ ᠪᠠᠲᠤᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠢᠵᠢᠭ ᠢ ᠡᠰᠡᠷᠭᠦᠴᠡᠬᠦ ᠡᠳ᠋ | ᠬᠥᠷᠥᠩᠭᠡ ᠶᠢ ᠰᠢᠢᠳᠪᠤᠷᠢᠯᠡᠬᠦ ᠠᠵᠢᠯ ᠢ ᠥᠷᠨᠢᠭᠦᠯᠬᠦ ᠶᠠᠪᠤᠴᠠ ᠳᠠᠬᠢ ᠲᠤᠷᠰᠢᠯᠭ᠎ᠠ ᠠᠷᠭ᠎ᠠ ᠬᠢᠳᠡᠯ᠂ ᠨᠡᠶᠢᠲᠡᠯᠢᠭ | ᠬᠡᠷᠡᠭ ᠤᠨ ᠵᠢᠱᠢᠶ᠎ᠡ ᠪᠠ ᠲᠦᠪᠡᠭᠲᠡᠶ ᠠᠰᠠᠭᠤᠳᠠᠯ ᠢ ᠴᠠᠭ ᠲᠤᠬᠠᠶ ᠳᠤᠨᠢ ᠳ᠋ᠦᠩᠨᠡᠵᠦ᠂ 2025 ᠣᠨ ᠤ 5 | ᠰᠠᠷ᠎ᠠ ᠶᠢᠨ 1 ᠤ ᠡᠳᠦᠷ ᠠᠴᠠ ᠡᠮᠦᠨ᠎ᠡ ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢ ᠰᠢᠢᠳᠪᠤᠷᠢᠯᠡᠭᠰᠡᠨ ᠠᠵᠢᠯ ᠤᠨ | ᠮᠡᠳᠡᠭᠦᠯᠦᠯᠲᠡ ᠶᠢ ᠪᠣᠶ ᠪᠣᠯᠭᠠᠬᠤ ᠬᠡᠷᠡᠭᠳᠡᠢ᠃ ᠬᠤᠰᠢᠭᠤᠨ ᠤ ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢ | ᠰᠢᠢᠳᠪᠤᠷᠢᠯᠡᠬᠦ ᠠᠵᠢᠯ ᠤᠨ ᠲᠤᠰᠬᠠᠶ ᠠᠩᠭᠢ ᠶᠢ ᠬᠤᠷᠢᠶᠠᠩᠭᠤᠶᠢᠯᠠᠭᠰᠠᠨ ᠤ ᠳᠠᠷᠠᠭ᠎ᠠ ᠠᠶᠢᠮᠠᠭ ᠤᠨ ᠬᠢᠵᠢᠭ ᠢ | ᠡᠰᠡᠷᠭᠦᠴᠡᠬᠦ ᠡᠳ᠋ ᠬᠥᠷᠥᠩᠭᠡ ᠶᠢ ᠰᠢᠢᠳᠪᠤᠷᠢᠯᠡᠬᠦ ᠠᠵᠢᠯ ᠤᠨ ᠲᠤᠰᠬᠠᠶ ᠠᠩᠭᠢ ᠶᠢᠨ ᠠᠯᠪᠠᠨ ᠬᠡᠷ ᠲᠤ ᠮᠡᠳᠡᠭᠦᠯᠬᠦ | ᠬᠡᠷᠡᠭᠳᠡᠢ᠃ | ᠬᠤᠶᠠᠷ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ | ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢ ᠪᠦᠲᠦᠮᠵᠢᠲᠡᠶ ᠰᠢᠢᠳᠪᠤᠷᠢᠯᠡᠬᠦ ᠪᠣᠯ ᠵᠠᠰᠠᠭ ᠤᠨ ᠣᠷᠳᠣᠨ ᠤ | ᠠᠷᠪᠢᠯᠠᠨ ᠭᠠᠮᠨᠠᠬᠤ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠡᠬᠢ | ᠪᠠᠶᠠᠯᠢᠭ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠰᠠᠯᠠᠭ᠎ᠠ | ᠮᠥᠴᠢᠷ ᠤᠳ ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢ ᠬᠤᠪᠢᠷᠠᠭᠤᠯᠬᠤ ᠶᠢᠨ ᠴᠢᠬᠤᠯᠠ ᠠᠴᠢ ᠬᠤᠯᠪᠣᠭᠳᠠᠯ ᠢ | ᠭᠦᠢᠴᠡᠳ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠠᠵᠢᠯ ᠤᠨ ᠲᠤᠰᠬᠠᠶ ᠠᠩᠭᠢ᠂ | ᠠᠵᠢᠯ ᠤᠨ ᠶᠠᠪᠤᠴᠠ ᠶᠢ ᠪᠠᠶᠢᠭᠤᠯᠤᠨ ᠪᠦᠷᠢᠨᠰᠢᠬᠦᠯᠵᠦ᠂ ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢᠨ ᠪᠠᠶᠢᠳᠠᠯ ᠢ | ᠤᠶᠢᠯᠠᠭᠠᠨ ᠬᠤᠪᠢᠷᠠᠭᠤᠯᠬᠤ ᠠᠵᠢᠯ ᠢ ᠴᠠᠭ ᠲᠤᠬᠠᠶ ᠳᠤᠨᠢ ᠪᠠᠶᠢᠷᠢᠯᠠᠭᠤᠯᠤᠨ ᠥᠷᠨᠢᠭᠦᠯᠵᠦ᠂ ︽ᠨᠢᠭᠡ ᠬᠡᠷᠡᠭ ᠲᠤ | ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠶᠢ ᠪᠠᠷᠢᠮᠲᠠᠯᠠᠨ᠂ ᠠᠵᠢᠯ ᠤᠨ ᠰᠡᠳᠬᠢᠮᠵᠢ ᠪᠠᠨ ᠥᠷᠭᠡᠳᠬᠡᠵᠦ᠂ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ᠂ ᠡᠳ᠋ ᠬᠥᠷᠥᠩᠭᠡ ᠶᠢᠨ ᠦᠢᠯᠡᠳᠦᠯ ᠴᠢᠳᠠᠪᠤᠷᠢ ᠶᠢ | ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠬᠦ ᠬᠡᠷᠡᠭᠲᠡᠶ᠃ | ︵ᠬᠤᠶᠠᠷ︶ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠬᠤ ᠬᠡᠷᠡᠭᠳᠡᠢ | ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠬᠢᠵᠢᠭ ᠢ ᠡᠰᠡᠷᠭᠦᠴᠡᠬᠦ ᠡᠳ᠋ ᠬᠦᠷᠦᠩᠭᠡ ᠶᠢᠨ ᠪᠠᠶᠢᠳᠠᠯ ᠢ ᠤᠢᠢᠯᠠᠭᠠᠭᠰᠠᠨ᠂ ᠰᠢᠢᠳᠪᠤᠷᠢᠯᠡᠭᠰᠡᠨ ᠦᠷ᠎ᠡ ᠳ᠋ᠦᠩ ᠢ | ᠦᠨᠡᠨ ᠮᠥᠨ ᠢᠶᠠᠷ ᠲᠤᠰᠬᠠᠵᠤ᠂ ︽ᠬᠡᠨ ᠬᠦᠰᠦᠨᠦᠭ ᠲᠠᠭᠯᠠᠵᠤ ᠮᠡᠳᠡᠭᠦᠯᠪᠡᠯ ᠬᠡᠨ ᠬᠠᠷᠢᠭᠤᠴᠠᠵᠤ᠂ ᠬᠡᠨ | ᠰᠢᠢᠳᠪᠤᠷᠢᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠬᠢᠨᠠᠮᠠᠭᠠᠶ ᠬᠢᠨᠠᠨ ᠬᠠᠷᠭᠤᠭᠤᠯᠵᠤ ᠲᠠᠬᠢᠨ ᠬᠢᠨᠠᠵᠤ᠂ | ᠬᠠᠮᠲᠤᠷᠠᠨ ᠬᠢᠨᠠᠬᠤ ᠲᠣᠭᠲᠠᠴᠠ ᠶᠢ ᠪᠠᠶᠢᠭᠤᠯᠬᠤ ᠬᠡᠷᠡᠭᠳᠡᠢ᠃ | ︵ᠭᠤᠷᠪᠠ︶ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ | ᠵᠠᠰᠠᠭ ᠤᠨ ᠣᠷᠳᠣᠨ ᠠᠴᠠ ᠪᠠᠯᠠ ᠭᠠᠷᠭᠠᠭᠰᠠᠨ ᠴᠢᠩᠭᠡᠯᠢᠭ ᠡᠮᠨᠡᠯᠭᠡ ᠶᠢᠨ ᠬᠤᠷᠢᠶ᠎ᠠ᠂ ᠲᠤᠰᠠᠭᠠᠷᠯᠠᠬᠤ ᠴᠡᠭ | ᠵᠡᠷᠭᠡ ᠡᠳ᠋ ᠬᠥᠷᠥᠩᠭᠡ ᠶᠢᠨ ᠰᠢᠢᠳᠪᠤᠷᠢᠯᠡᠯᠳᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠮᠢᠶ᠎ᠠ ᠪᠥᠬᠦᠶ ᠲᠦᠷᠢᠮ ᠶᠣᠰᠣᠭᠠᠷ ᠵᠢᠷᠤᠮᠵᠢᠭᠤᠯᠤᠨ ᠰᠢᠢᠳᠪᠤᠷᠢᠯᠡᠵᠦ᠂ ᠡᠳ᠋ | ᠬᠥᠷᠥᠩᠭᠡ ᠶᠢ ᠨᠢᠭᠡᠳᠦᠯᠲᠡᠶ ᠲᠥᠯᠥᠪᠯᠡᠬᠦ ᠪᠠ ᠳᠣᠭᠢᠷᠠᠭᠤᠯᠤᠨ ᠬᠡᠷᠡᠭᠯᠡᠬᠦ ᠶᠢ ᠴᠢᠩᠭᠠᠳᠬᠠᠨ᠂ ᠤᠯᠠᠷᠢᠭᠤᠯᠤᠨ | ᠠᠰᠢᠭᠯᠠᠬᠤ ᠶᠢ ᠵᠢᠷᠤᠮᠵᠢᠭᠤᠯᠬᠤ ᠬᠡᠷᠡᠭᠳᠡᠢ᠃ ᠬᠡᠷᠪᠡ ᠬᠤᠯᠪᠣᠭᠳᠠᠬᠤ ᠬᠡᠰᠡᠭ ᠡᠳ᠋ ᠬᠥᠷᠥᠩᠭᠡ ᠶᠢᠨ ᠬᠠᠮᠢᠶᠠᠷᠤᠨ | ᠬᠠᠮᠠᠭᠠᠯᠠᠬᠤ ᠨᠢᠭᠡᠴᠢ ᠶᠢ ᠨᠤᠲᠠᠯᠠᠭᠰᠠᠨ ᠥᠬᠡᠶ ᠪᠠᠶᠢᠪᠠᠯ᠂ ᠠᠳᠠᠯᠢ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠬᠠᠮᠢᠶᠠᠷᠤᠨ ᠬᠠᠮᠠᠭᠠᠯᠠᠬᠤ ᠪᠠᠶᠢᠭᠤᠯᠭ᠎ᠠ ᠨᠢᠭᠡᠴᠢ ᠶᠢ ᠲᠣᠭᠲᠠᠭᠠᠬᠤ ᠶᠢᠨ ᠬᠠᠮᠲᠤ ᠬᠠᠮᠢᠶᠠᠷᠤᠨ | ᠬᠠᠮᠠᠭᠠᠯᠠᠬᠤ ᠪᠠᠶᠢᠭᠤᠯᠭ᠎ᠠ ᠨᠢᠭᠡᠴᠢ ᠠᠴᠠ ᠳᠡᠩᠰᠡᠯᠡᠨ ᠲᠡᠮᠳᠡᠭᠯᠡᠵᠦ ᠲᠠᠩᠰᠠᠨ ᠳᠤ ᠣᠷᠣᠭᠤᠯᠤᠨ᠎ᠠ᠂ ᠲᠠᠩᠰᠠᠨ ᠠᠴᠠ | ᠭᠠᠳᠠᠨᠠᠬᠢ ᠡᠳ᠋ ᠬᠥᠷᠥᠩᠭᠡ ᠶᠢ ᠬᠠᠳᠠᠭᠠᠯᠠᠵᠤ ᠪᠣᠯᠬᠤ ᠥᠬᠡᠶ᠃ ᠬᠢᠵᠢᠭ ᠢ ᠡᠰᠡᠷᠭᠦᠴᠡᠬᠦ ᠬᠤᠭᠤᠴᠠᠭᠠᠨ ᠳᠤ ᠪᠤᠢ | ᠪᠣᠯᠤᠭᠰᠠᠨ ᠪᠤᠰᠤᠳ ᠡᠯ᠎ᠡ ᠲᠦᠷᠦᠯ ᠤᠨ ᠡᠳ᠋ ᠬᠦᠷᠦᠩᠭᠡ ᠶᠢ ︽ᠬᠡᠨ ᠬᠤᠳᠠᠯᠳᠤᠨ ᠠᠪᠤᠪᠠᠯ ᠲᠡᠷᠡ ᠰᠢᠢᠳᠪᠤᠷᠢᠯᠡᠬᠦ︾ | ᠵᠠᠷᠴᠢᠮ ᠶᠣᠰᠣᠭᠠᠷ ᠡᠳ᠋ ᠬᠦᠷᠦᠩᠭᠡ ᠶᠢ ᠰᠢᠢᠳᠪᠤᠷᠢᠯᠡᠵᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ | ᠠᠯᠳᠠᠭᠳᠠᠵᠤ ᠭᠡᠭᠡᠭᠳᠡᠬᠦ ᠠᠴᠠ ᠦᠨᠡᠨ ᠬᠦ ᠵᠠᠶᠢᠯᠠᠰᠬᠢᠬᠦ ᠬᠡᠷᠡᠭᠳᠡᠢ᠃ ᠪᠠᠶᠢᠭᠤᠯᠵᠤ ᠪᠠᠶᠢᠭ᠎ᠠ ᠪᠠᠷᠢᠯᠭ᠎ᠠ ᠶᠢ ᠲᠤᠭᠳᠠᠮᠠᠯ | ᠬᠦᠷᠦᠩᠭᠡ ᠪᠤᠯᠭᠠᠨ ᠬᠤᠪᠢᠷᠠᠭᠤᠯᠵᠤ ᠲᠡᠶᠢᠯᠦᠭᠰᠡᠨ ᠦᠭᠡᠢ ᠪᠣᠯ ᠬᠤᠪᠢᠷᠠᠭᠤᠯᠬᠤ ᠭᠠᠷᠳᠠᠮ ᠢ ᠴᠠᠭ ᠲᠤᠬᠠᠶ ᠳᠤᠨᠢ | ᠭᠦᠢᠴᠡᠳᠭᠡᠬᠦ ᠬᠡᠷᠡᠭᠲᠡᠶ᠃ ᠡᠳ᠋ ᠬᠥᠷᠥᠩᠭᠡ ᠶᠢ ᠰᠢᠢᠳᠪᠤᠷᠢᠯᠡᠬᠦ ᠶᠠᠪᠤᠴᠠ ᠳᠤ ᠥᠪᠡᠷ ᠤᠨ ᠥᠷᠲᠡᠭ ᠤᠨ ᠦᠷ᠎ᠡ | ᠠᠰᠢᠭ ᠢ ᠴᠢᠩᠭᠠᠷᠠᠭᠤᠯᠵᠤ᠂ ᠪᠣᠳᠠᠲᠠᠶ ᠳᠤ ᠥᠯᠥ ᠨᠡᠶᠢᠴᠡᠬᠦ ᠤᠯᠠᠷᠢᠭᠤᠯᠤᠨ ᠠᠰᠢᠭᠯᠠᠬᠤ ᠪᠠ ᠰᠢᠭᠤᠳ ᠨᠤᠷᠠᠭᠠᠬᠤ | ᠵᠡᠷᠭᠡ ᠲᠥᠬᠦᠮ ᠠᠷᠭ᠎ᠠ ᠶᠢ ᠰᠡᠷᠭᠡᠶᠢᠯᠡᠨ ᠬᠤᠷᠢᠭᠯᠠᠵᠤ᠂ ᠰᠤᠯᠠ ᠪᠠᠶᠢᠭ᠎ᠠ ᠡᠳ᠋ ᠬᠥᠷᠥᠩᠭᠡ ᠶᠢ ᠰᠢᠢᠳᠪᠤᠷᠢᠯᠡᠬᠦ | ᠶᠠᠪᠤᠴᠠ ᠳᠤ ᠬᠤᠶᠠᠳᠠᠬᠢ ᠤᠳᠠᠭ᠎ᠠ ᠪᠦᠷᠢᠯᠭᠡᠨ ᠰᠦᠢᠳᠭᠡᠬᠦ ᠶᠢ ᠲᠠᠰᠤ ᠬᠤᠷᠢᠭᠯᠠᠬᠤ ᠬᠡᠷᠡᠭᠲᠡᠶ᠃ | ︵ᠳᠥᠷᠪᠡ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠬᠤ ᠬᠡᠷᠡᠭᠳᠡᠢ | ᠡᠯ᠎ᠡ ᠪᠦᠷᠢᠯᠳᠦᠬᠦᠨ ᠨᠢᠭᠡᠴᠢ ᠨᠦᠭᠦᠳ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠬᠢᠵᠢᠭ ᠢ ᠡᠰᠡᠷᠭᠦᠴᠡᠬᠦ | ᠡᠳ᠋ ᠬᠥᠷᠥᠩᠭᠡ ᠶᠢ ᠰᠢᠢᠳᠪᠤᠷᠢᠯᠡᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠬᠠᠮᠲᠤᠪᠠᠷ ᠳᠥᠯᠭᠢᠨ ᠠᠬᠢᠭᠤᠯᠬᠤ | ᠬᠡᠷᠡᠭᠲᠡᠶ᠃ ᠡᠳ᠋ ᠬᠥᠷᠥᠩᠭᠡ ᠶᠢ ᠬᠤᠪᠢᠷᠠᠭᠤᠯᠬᠤ ᠰᠢᠨ᠎ᠡ ᠠᠷᠭ᠎ᠠ ᠮᠠᠶ᠋ᠢᠭ᠂ ᠰᠢᠨ᠎ᠡ ᠠᠷᠭ᠎ᠠ ᠵᠠᠮ ᠢ ᠢᠳᠡᠪᠬᠢᠲᠡᠶ ᠪᠠᠷ | ᠬᠠᠶᠢᠨ ᠰᠦᠪᠡᠭᠴᠢᠯᠡᠵᠦ᠂ ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ ᠠᠰᠠᠭᠤᠳᠠᠯ ᠯᠤᠭ᠎ᠠ ᠬᠠᠷᠢᠯᠴᠠᠨ | ᠤᠶᠠᠯᠳᠤᠭᠤᠯᠵᠤ᠂ ᠡᠳ᠋ ᠬᠥᠷᠥᠩᠭᠡ ᠶᠢ ᠰᠢᠢᠳᠪᠤᠷᠢᠯᠡᠬᠦ ᠳᠤᠮᠳᠠᠬᠢ ᠬᠦᠴᠢᠷ ᠠᠰᠠᠭᠤᠳᠠᠯ ᠢ ᠰᠠᠶᠢᠳᠤᠷ ᠰᠢᠢᠳᠪᠤᠷᠢᠯᠡᠬᠦ | ᠬᠡᠷᠡᠭᠳᠡᠢ᠃ | ︵ᠲᠠᠪᠤ︶ ᠲᠦᠭᠰᠢᠭᠦᠷᠢ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠬᠤ ᠬᠡᠷᠡᠭᠳᠡᠢ | ᠡᠯ᠎ᠡ ᠭᠠᠵᠠᠷ ᠤᠨ ᠬᠢᠨ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠡᠯ᠎ᠡ ᠵᠦᠢᠯ ᠤᠨ ᠠᠶᠤᠯ | ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ᠂ ᠠᠷᠭᠠᠴᠠᠭᠠᠵᠤ ᠰᠢᠢᠳᠪᠦᠷᠢᠯᠡᠬᠦ ᠬᠡᠷᠡᠭᠲᠡᠢ᠃ ᠶᠠᠷᠢᠶ᠎ᠠ ᠬᠡᠯᠡᠯᠴᠡᠭᠡᠨ ᠤ | ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠤ᠂ ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢ ᠰᠢᠢᠳᠪᠤᠷᠢᠯᠡᠬᠦ | ᠶᠠᠪᠤᠴᠠ ᠳᠤ ᠬᠤᠯᠪᠣᠭᠳᠠᠭᠰᠠᠨ ᠡᠳ᠋ ᠬᠥᠷᠥᠩᠭᠡ ᠶᠢᠨ ᠠᠯᠳᠠᠭᠳᠠᠬᠤ᠂ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ | ᠂ ᠭᠠᠯ ᠰᠡᠷᠭᠡᠶᠢᠯᠡᠵᠦ ᠤᠨᠲᠠᠷᠠᠭᠠᠬᠤ ᠣᠷᠴᠢᠨ ᠲᠣᠭᠤᠷᠢᠨ ᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ ᠢᠶᠠᠷ ᠵᠠᠭᠠᠯᠳᠤᠬᠤ | ᠵᠡᠷᠭᠡ ᠠᠰᠠᠭᠤᠳᠠᠯ ᠳᠤ ᠴᠢᠭᠯᠡᠭᠦᠯᠦᠨ ᠪᠡᠯᠡᠳᠬᠡᠯ ᠲᠥᠰᠦᠯ ᠢ ᠤᠷᠢᠳᠴᠢᠯᠠᠨ ᠰᠠᠶᠢᠲᠤᠷ ᠬᠢᠵᠦ᠂ ᠬᠢᠵᠢᠭ ᠢ | ᠡᠰᠡᠷᠭᠦᠴᠡᠬᠦ ᠡᠳ᠋ ᠬᠥᠷᠥᠩᠭᠡ ᠶᠢ ᠰᠢᠢᠳᠪᠤᠷᠢᠯᠡᠬᠦ ᠶᠠᠪᠤᠴᠠ ᠳᠠᠬᠢ ᠡᠯ᠎ᠡ ᠲᠥᠷᠥᠯ ᠤᠨ ᠶᠠᠷᠢᠶ᠎ᠠ ᠬᠡᠯᠡᠯᠴᠡᠭᠡᠨ ᠤ | ᠪᠠᠶᠢᠳᠠᠯ ᠢ ᠲᠣᠬᠢᠲᠠᠶ ᠰᠢᠢᠳᠪᠤᠷᠢᠯᠡᠬᠦ ᠬᠡᠷᠡᠭᠲᠡᠶ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠵᠤ᠂ | ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢ ᠰᠢᠢᠳᠪᠤᠷᠢᠯᠡᠬᠦ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ | ᠳᠥᠯᠭᠢᠨ ᠠᠬᠢᠭᠤᠯᠬᠤ ᠶᠢ ᠦᠨᠡᠨ ᠬᠦ ᠪᠠᠳᠤᠯᠠᠬᠤ ᠬᠡᠷᠡᠭᠳᠡᠢ᠃ | ᠬᠠᠷᠢᠯᠴᠠᠬᠤ ᠬᠥᠮᠦᠨ᠄ ᠰᠦᠨ ᠸᠧᠶ ᠵᠣᠣ ᠬᠠᠶ ᠰᠢᠶᠠ | ᠬᠠᠷᠢᠯᠴᠠᠬᠤ ᠤᠲᠠᠰᠤ᠄ 0482-8399506 ᠪᠤᠯᠤᠨ᠎ᠠ᠃ | ᠳᠠᠭᠠᠯᠳᠤᠭᠤᠯᠤᠯ᠄ 1. ᠣᠲᠣ ᠪᠠᠶᠢᠭ᠎ᠠ ᠰᠤᠯᠠ ᠪᠠᠶᠢᠭ᠎ᠠ ᠪᠡᠯᠡᠳᠬᠡᠯ ᠴᠢᠩᠭᠡᠯᠢᠭ ᠡᠮᠨᠡᠯᠭᠡ ᠶᠢᠨ ᠬᠤᠷᠢᠶ᠎ᠠ ᠶᠢᠨ | ᠡᠬᠡ ᠲᠠᠩᠰᠠ | 2. ᠣᠲᠣ ᠪᠠᠶᠢᠭ᠎ᠠ ᠰᠤᠯᠠ ᠪᠠᠶᠢᠭ᠎ᠠ ᠪᠡᠯᠡᠳᠬᠡᠯ ᠲᠤᠰᠠᠭᠠᠷᠯᠠᠬᠤ ᠴᠡᠭ ᠤᠨ ᠡᠬᠡ ᠲᠠᠩᠰᠠ | 3. ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠵᠢᠭ ᠢ ᠡᠰᠡᠷᠭᠦᠴᠡᠬᠦ ᠡᠳ᠋ ᠬᠥᠷᠥᠩᠭᠡ ᠶᠢ | ᠰᠢᠢᠳᠪᠤᠷᠢᠯᠡᠬᠦ ᠠᠵᠢᠯ ᠤᠨ ᠲᠤᠰᠬᠠᠶ ᠠᠩᠭᠢ | | | ※ᠨᠠᠷᠢᠨ ᠠᠭᠤᠯᠭ᠎ᠠ ᠶᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ | ᠤᠷᠳᠤᠨ ᠤ ᠬᠢᠳᠡᠳ ᠰᠦᠯᠵᠢᠶ᠎ᠡ ᠠᠴᠠ ᠦᠵᠡᠭᠡᠷᠡᠢ︕ | | | |