ᠮᠠᠨᠵᠦᠲ᠋ᠦ᠋ᠨ ᠤ ᠮᠠᠨᠵᠤ ᠦᠨᠳᠦᠰᠦᠲᠡᠨ ᠤ ᠰᠢᠶᠠᠩ ︽ᠬᠤᠤᠰ ᠪᠠᠲᠤᠯᠠᠭ᠎ᠠ︾ ᠶᠢᠨ ᠲᠣᠭᠲᠠᠴᠠ ᠪᠠᠷ ᠶᠡᠷᠦ ᠪᠤᠰᠤ ᠶᠢᠨ ᠴᠠᠭ ᠠᠭᠤᠷ ᠢ ᠠᠷᠭᠠᠴᠠᠭᠠᠨ᠎ᠠ
ᠨᠡᠶᠢᠲᠡᠯᠡᠭᠰᠡᠨ ᠴᠠᠭ᠄
2025/4/1
    3 ᠰᠠᠷ᠎ᠠ ᠶᠢᠨ 26 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠮᠠᠨᠵᠦᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠳᠤ ᠡᠨᠡ ᠬᠠᠪᠤᠷ ᠤᠨ ᠬᠠᠮᠤᠭ ᠤᠨ ᠶᠡᠭᠡ ᠴᠠᠰᠤ ᠣᠷᠣᠵᠤ᠂ ᠳᠤᠮᠳᠠᠴᠢ ᠴᠠᠰᠤᠨ ᠤ ᠭᠦᠨ ᠨᠢ 20 ᠰᠠᠨᠲ᠋ᠢᠮᠧᠲᠷ ᠲᠤ ᠬᠦᠷᠴᠡᠶ᠃ ᠭᠡᠨᠡᠳᠲᠡ ᠡᠭᠦᠰᠦᠭᠰᠡᠨ ᠴᠠᠰᠤ ᠰᠢᠭᠤᠷᠭᠠᠨ ᠬᠦᠢᠳᠡᠨ ᠤᠷᠤᠰᠬᠠᠯ ᠤᠨ ᠡᠮᠦᠨ᠎ᠡ᠂ ᠮᠠᠨᠵᠦᠲ᠋ᠦ᠋ᠨ ᠤ ᠮᠠᠨᠵᠤ ᠦᠨᠳᠦᠰᠦᠲᠡᠨ ᠤ ᠰᠢᠶᠠᠩ ︽ᠰᠠᠭᠤᠷᠢ ᠲᠥᠬᠦᠭᠡᠷᠦᠮᠵᠢ + ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ︾ ᠤᠨ ᠬᠤᠣᠰ ᠪᠠᠲᠤᠯᠠᠭ᠎ᠠ ᠶᠢᠨ ᠲᠣᠭᠲᠠᠴᠠ ᠳᠤ ᠲᠦᠰᠢᠭᠯᠡᠨ᠂ ᠪᠦᠬᠦ ᠰᠢᠶᠠᠩ ᠤᠨ 680 ᠭᠠᠷᠤᠢ ᠮᠠᠯᠴᠢᠨ ᠶᠢᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠬᠠᠮᠠᠭᠠᠯᠠᠪᠠ᠃    ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠲᠠᠯ᠎ᠠ ᠪᠠᠷ᠂ ᠣᠶᠢᠷ᠎ᠠ ᠶᠢᠨ ᠵᠢᠯ ᠳᠤ᠂ ᠮᠠᠨᠵᠦᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠶᠠᠳᠠᠭᠤ ᠶᠢ ᠲᠡᠳᠬᠦᠬᠦ ᠪᠠᠯᠠ ᠮᠥᠩᠭᠦ ᠪᠠ ᠵᠣᠯᠭᠠᠭᠤᠯᠬᠤ ᠪᠠᠯᠠ ᠮᠥᠩᠭᠦ ᠣᠷᠣᠭᠤᠯᠤᠨ ᠪᠥᠬᠦ ᠰᠢᠶᠠᠩ ᠤᠨ ᠭᠠᠴᠠᠭ᠎ᠠ ᠲᠣᠰᠬᠤᠨ ᠳᠤ ᠨᠡᠪᠲᠡᠷᠡᠬᠦ ᠵᠠᠮ ᠢ 147 ᠺᠢᠯᠣᠮᠧᠲᠷ᠂ 56 ᠬᠥᠭᠦᠷᠭᠡ ᠶᠢᠨ ᠭᠤᠯᠳᠤᠩ ᠢ ᠰᠢᠨ᠎ᠡ ᠪᠠᠷ ᠪᠠᠶᠢᠭᠤᠯᠵᠤ᠂ 40 ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠰᠢᠨ᠎ᠡ ᠪᠠᠷ ᠪᠠᠷᠢᠵᠤ ᠂ 100 ᠮᠠᠯ ᠤᠨ ᠳᠤᠯᠠᠭᠠᠨ ᠰᠠᠷᠠᠪᠴᠢ ᠶᠢ ᠰᠢᠨ᠎ᠡ ᠪᠠᠷ ᠪᠠᠶᠢᠭᠤᠯᠪᠠ᠃    ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠪᠠᠶᠢᠭᠤᠯᠤᠯᠲᠠ ᠶᠢᠨ ᠲᠠᠯ᠎ᠠ ᠪᠠᠷ᠂ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠭᠤᠷᠪᠠᠨ ᠱᠠᠲᠤ ᠪᠠᠷ ᠬᠤᠯᠪᠣᠭᠠᠯᠠᠨ ᠬᠥᠳᠡᠯᠦᠯᠴᠡᠬᠦ︾ ᠲᠣᠭᠲᠠᠴᠠ ᠶᠢ ᠪᠠᠶᠢᠭᠤᠯᠪᠠ᠃ ᠰᠢᠶᠠᠩ ᠤᠨ ᠱᠠᠲᠤᠨ ᠳᠤ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ᠢ ᠪᠠᠶᠢᠭᠤᠯᠪᠠ᠃ ᠭᠠᠴᠠᠭᠠᠨ ᠤ ᠬᠤᠶᠠᠷ ᠵᠥᠪᠯᠡᠯ ᠨᠢ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ᠂ ᠡᠷᠦᠬᠡ ᠶᠢᠨ ᠴᠡᠷᠢᠭ᠂ ᠬᠢᠯᠢ ᠶᠢᠨ ᠬᠠᠮᠠᠭᠠᠯᠠᠭᠴᠢ ᠪᠠᠷ ᠪᠦᠷᠢᠯᠳᠦᠭᠰᠡᠨ ︽ᠬᠤᠪᠢᠰᠬᠠᠯᠳᠤ ᠭᠠᠪᠰᠢᠭᠠᠶ ᠠᠩᠭᠢ︾ ᠶᠢᠨ ᠬᠡᠰᠡᠭ ᠬᠤᠪᠢᠶᠠᠨ ᠳᠠᠭᠠᠭᠠᠴᠢᠯᠠᠬᠤ ᠬᠠᠷᠢᠭᠤᠴᠠᠯᠭ᠎ᠠ ᠶᠢᠨ ᠣᠷᠣᠨ ᠢ ᠵᠣᠬᠢᠶᠠᠨ ᠪᠠᠶᠢᠭᠤᠯᠪᠠ᠃ ᠡᠯ᠎ᠡ ᠮᠠᠯᠵᠢᠬᠤ ᠡᠷᠦᠬᠡ ᠨᠦᠭᠦᠳ ᠰᠦᠯᠵᠢᠶ᠎ᠡ ᠪᠠᠷ ᠳᠡᠮᠵᠢᠨ ᠬᠠᠷᠢᠯᠴᠠᠨ ᠬᠠᠪᠰᠤᠷᠤᠯᠴᠠᠵᠤ᠂ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠵᠦ᠂ ᠬᠦᠴᠢᠷᠳᠡᠯ ᠲᠠᠢ ᠦᠶ᠎ᠡ ᠳᠤ ᠬᠠᠷᠢᠯᠴᠠᠨ ᠬᠠᠪᠰᠤᠷᠤᠯᠴᠠᠬᠤ ᠶᠢ ᠦᠨᠡᠨ ᠬᠦ ᠪᠠᠲᠤᠯᠠᠪᠠ᠃ ᠴᠠᠰᠤ ᠣᠷᠣᠬᠤ ᠬᠤᠭᠤᠴᠠᠭᠠᠨ ᠳᠤ᠂ ᠪᠦᠬᠦ ᠰᠢᠶᠠᠩ ᠤᠨ ᠬᠢᠨ ᠨᠠᠮ ᠤᠨ ᠭᠡᠰᠢᠭᠦᠨ ᠺᠠᠳ᠋ᠷ ᠢ ᠨᠡᠶᠢᠳᠡ 120 ᠬᠥᠮᠦᠨ ᠤᠳᠠᠭ᠎ᠠ ᠬᠥᠳᠡᠯᠭᠡᠵᠦ᠂ 10 ᠰᠠᠤᠷᠢ ᠴᠠᠰᠤ ᠴᠡᠪᠡᠷᠯᠡᠬᠦ ᠮᠠᠰᠢᠨ ᠢ ᠰᠢᠯᠵᠢᠭᠦᠯᠦᠨ ᠬᠡᠷᠡᠭᠯᠡᠵᠦ᠂ 24 ᠴᠠᠭ ᠤᠨ ᠳᠣᠲᠣᠷ᠎ᠠ ᠪᠤᠢ ᠪᠦᠬᠦᠢ ᠭᠤᠣᠯ ᠵᠠᠮ ᠤᠨ ᠴᠠᠰᠤ ᠴᠡᠪᠡᠷᠯᠡᠬᠦ ᠠᠵᠢᠯ ᠢ ᠬᠢᠵᠦ ᠳᠠᠭᠤᠰᠬᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号