ᠨᠠᠮ ᠤᠨ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠵᠢᠷᠦᠬᠡᠨ ᠪᠠᠯᠭᠠᠰᠤᠨ ᠳᠤ ᠬᠦᠷᠴᠦ ᠤᠬᠠᠭᠤᠯᠭ᠎ᠠ ᠬᠢᠵᠡᠢ
ᠨᠡᠶᠢᠲᠡᠯᠡᠭᠰᠡᠨ ᠴᠠᠭ᠄
2025/4/1
   3 ᠰᠠᠷ᠎ᠠ ᠶᠢᠨ 28 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠯᠧᠺᠲ᠋ᠣᠷ ᠤᠨ ᠪᠦᠯᠬᠦᠮ ᠤᠨ ᠵᠣᠬᠢᠶᠠᠨ ᠪᠠᠶᠢᠭᠤᠯᠤᠭᠰᠠᠨ ᠨᠠᠮ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠵᠢᠷᠦᠬᠡᠨ ᠪᠠᠯᠭᠠᠰᠤᠨ ᠳᠤ ᠬᠦᠷᠴᠦ᠂ ᠲᠤᠬᠠᠶ ᠶᠢᠨ ᠭᠠᠵᠠᠷ ᠤᠨ 70 ᠭᠠᠷᠤᠢ ᠺᠠᠳ᠋ᠷ ᠣᠯᠠᠨ ᠲᠦᠮᠡᠨ ᠳᠤ ᠨᠠᠮ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠠᠢ᠃    ᠬᠢᠴᠢᠶᠡᠯ ᠤᠨ ᠲᠠᠩᠬᠢᠮ ᠳᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠤᠣᠯᠯᠠᠨ ᠲᠠᠶᠢᠯᠪᠤᠷᠢᠯᠠᠭᠴᠢ ᠺᠠᠳ᠋ᠷ ᠤᠯᠠᠨ ᠲᠦᠮᠡᠨ ᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠷᠪᠠᠨ ᠲᠠᠯ᠎ᠠ ᠶᠢᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠪᠠ᠃ ᠤᠬᠠᠭᠤᠯᠤᠨ ᠲᠠᠶᠢᠯᠪᠤᠷᠢᠯᠠᠬᠤ ᠳᠤ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠪᠠᠶᠢᠬᠤ ᠮᠥᠷᠲᠡᠭᠡᠨ ᠪᠠᠰᠠ ᠪᠣᠳᠠᠲᠠᠢ ᠬᠡᠷᠡᠭ ᠤᠨ ᠵᠢᠱᠢᠶ᠎ᠡ ᠶᠢᠨ ᠵᠠᠳᠠᠯᠤᠯᠲᠠ ᠪᠠᠶᠢᠵᠤ᠂ ᠲᠤᠬᠠᠢ ᠶᠢᠨ ᠲᠠᠯᠠᠪᠠᠢ ᠳᠠᠬᠢ ᠰᠤᠨᠤᠰᠤᠭᠴᠢᠳ ᠤᠨ ᠠᠩᠬᠠᠷᠤᠯ ᠢ ᠳᠠᠳᠠᠭᠰᠠᠨ ᠪᠠᠶᠢᠨ᠎ᠠ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠳᠠᠷᠤᠭ᠎ᠠ ᠲᠢᠶᠠᠨ ᠰᠢᠨ᠄ ︽2025 ᠣᠨ ᠳᠤ ᠬᠤᠰᠢᠭᠤᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠬᠢᠨ ᠤᠬᠠᠭᠤᠯᠭ᠎ᠠ ᠶᠢ ᠦᠷᠭᠦᠯᠵᠢᠯᠡᠨ ᠬᠢᠨ᠎ᠡ᠃ ᠲᠤᠰᠬᠠᠢ ᠮᠡᠷᠭᠡᠵᠢᠯᠲᠡᠨ ᠡᠷᠳᠡᠮᠲᠡᠨ᠂ ᠨᠠᠮ ᠤᠨ ᠭᠡᠰᠢᠭᠦᠨ ᠤᠳᠤᠷᠢᠳᠬᠤ ᠺᠠᠳ᠋ᠷ᠂ ᠮᠡᠷᠭᠡᠵᠢᠯ ᠤᠨ ᠭᠤᠣᠯᠯᠠᠭᠴᠢ ᠬᠦᠴᠦᠨ ᠵᠡᠷᠭᠡ 34 ᠬᠥᠮᠦᠨ ᠢᠶᠠᠷ ᠪᠦᠷᠢᠯᠳᠦᠭᠰᠡᠨ ᠨᠠᠮ ᠤᠨ ᠲᠦᠷᠦ ᠶᠢᠨ ᠪᠤᠳᠤᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠵᠣᠬᠢᠶᠠᠨ ᠪᠠᠶᠢᠭᠤᠯᠵᠤ᠂ ᠤᠬᠠᠭᠤᠯᠤᠨ ᠲᠠᠶᠢᠯᠪᠤᠷᠢᠯᠠᠬᠤ ᠵᠠᠭᠪᠤᠷ ᠤᠨ ᠰᠢᠨ᠎ᠡ ᠶᠢ ᠡᠭᠦᠳᠴᠦ᠂ ᠲᠠᠬᠢᠨ ᠶᠠᠳᠠᠭᠤᠷᠠᠬᠤ ᠶᠢ ᠰᠡᠷᠭᠡᠶᠢᠯᠡᠵᠦ ᠬᠠᠪᠰᠤᠷᠤᠨ ᠲᠡᠳᠬᠦᠬᠦ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠡᠮ ᠡᠮᠨᠡᠯᠭᠡ ᠵᠡᠷᠭᠡ 18 ᠬᠦᠷᠢᠶᠡᠨ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠤᠳᠤᠯᠭ᠎ᠠ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ ᠥᠷᠨᠢᠭᠦᠯᠪᠡ᠃ ᠡᠯ᠎ᠡ ᠰᠤᠮᠤ ᠰᠢᠶᠠᠩ ᠪᠠᠯᠭᠠᠰᠤ ᠪᠣᠳᠠᠲᠠᠶ ᠠᠵᠢᠯ ᠤᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠬᠢᠴᠢᠶᠡᠯ ᠰᠣᠩᠭᠤᠵᠤ ᠪᠤᠯᠤᠨ᠎ᠠ᠂ ᠪᠢᠳᠡ ᠦᠷᠭᠦᠯᠵᠢᠯᠡᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠬᠡᠷ ᠤᠨ ᠡᠭᠦᠳᠡᠨ ᠳᠤᠨᠢ ᠬᠦᠷᠭᠡᠨ᠎ᠡ᠃ 2025 ᠣᠨ ᠤ ᠰᠡᠭᠦᠯᠴᠢ ᠠᠴᠠ ᠡᠮᠦᠨ᠎ᠡ ᠂ ᠰᠤᠮᠤ ᠰᠢᠶᠠᠩ ᠪᠠᠯᠭᠠᠰᠤ ᠨᠢᠭᠡᠪᠦᠷᠢ ᠳᠤ ᠡᠶᠢᠮᠦᠷᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠥᠷᠨᠢᠭᠦᠯᠬᠦ ᠶᠢ ᠪᠠᠲᠤᠯᠠᠵᠤ᠂ ᠨᠠᠮ ᠤᠨ ᠲᠦᠷᠦ ᠶᠢᠨ ᠪᠤᠳᠤᠯᠭ᠎ᠠ ᠶᠢ ᠦᠨᠡᠨ ᠬᠦ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ︾ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号